ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠴᠢᠨᠠᠷ ᠰᠠᠶᠢᠲᠠᠢ | ᠬᠥᠭᠵᠢᠯᠲᠡ ᠪᠠᠷ ᠪᠥᠬᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠬᠢᠴᠠ ᠳᠤᠮᠳᠠ ᠭᠦᠢᠵᠧᠦ ᠶᠢᠨ ᠰᠢᠨ᠎ᠡ ᠵᠢᠪᠬᠤᠭ᠎ᠠ ᠶᠢ ᠢᠯᠡᠷᠡᠭᠦᠯᠬᠦ ᠬᠡᠷᠡᠭᠲᠡᠢ | ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ | ᠰᠢᠨᠬᠤᠸᠠ ᠬᠤᠷᠢᠶ᠎ᠠ ᠶᠢᠨ ᠭᠦᠢᠶᠠᠩ ᠤᠨ 3 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠭᠦᠢᠵᠧᠦ ᠳᠤ ᠰᠢᠨᠵᠢᠯᠡᠨ | ᠪᠠᠶᠢᠴᠠᠭᠠᠬᠤ ᠳᠠᠭᠠᠨ᠂ ᠭᠦᠢᠵᠧᠦ ᠮᠤᠵᠢ ᠶᠢᠨ ᠬᠢᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠢ | ᠬᠥᠭᠵᠢᠯᠲᠡ ᠪᠠᠷ ᠪᠦᠭᠦ ᠲᠠᠯ᠎ᠠ ᠶᠢ ᠬᠠᠮᠤᠷᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ | ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠤᠯᠭᠠᠵᠤ᠂ ᠢᠲᠡᠭᠡᠯ ᠵᠣᠷᠢᠭ ᠢᠶᠠᠨ | ᠪᠠᠲᠤᠳᠬᠠᠵᠤ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ | ᠴᠢᠳᠠᠮᠠᠭᠠᠢ ᠠᠵᠢᠯᠯᠠᠨ ᠴᠢᠳᠠᠮᠠᠭᠠᠢ ᠪᠠᠷ ᠠᠮᠵᠢᠯᠲᠠ ᠪᠦᠲᠦᠮᠵᠢ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠬᠢᠴᠠ ᠳᠤᠮᠳᠠ ᠭᠦᠢᠵᠧᠦ ᠶᠢᠨ ᠰᠢᠨ᠎ᠡ ᠵᠢᠪᠬᠤᠭ᠎ᠠ ᠶᠢ ᠢᠯᠡᠷᠡᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | 3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 17 ᠤ | ᠦᠳᠡ ᠶᠢᠨ ᠬᠤᠶᠢᠨ᠎ᠠ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠰᠢᠶᠠᠨ ᠤ ᠵᠤᠤ | ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠲᠣᠰᠬᠤᠨ ᠤ | ᠠᠷᠠᠳ ᠲᠠᠢ ᠳᠣᠲᠣᠨᠣ ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ 3 ᠰᠠᠷ᠎ᠠ ᠶᠢᠨ 17 ᠠᠴᠠ 18 ᠤ | ᠡᠳᠦᠷ ᠪᠤᠯᠲᠠᠯ᠎ᠠ᠂ ᠰᠢ ᠶᠢᠨ ᠫᠢᠩ ᠭᠦᠢᠵᠧᠦ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠦᠢ ᠯᠢᠨ ᠪᠣᠯᠣᠨ | ᠮᠤᠵᠢ ᠶᠢᠨ ᠳᠠᠷᠤᠭ᠎ᠠ ᠯᠢ ᠪᠢᠩ ᠵᠢᠶᠦ᠋ᠨ ᠤ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠭᠦᠢᠵᠧᠦ ᠶᠢᠨ ᠵᠡᠭᠦᠨ | ᠡᠮᠦᠨᠡᠲᠦ ᠶᠢᠨ ᠮᠢᠶᠣᠣ ᠦᠨᠳᠦᠰᠦᠲᠡᠨ ᠳ᠋ᠦᠩ ᠦᠨᠳᠦᠰᠦᠲᠡᠨ ᠤ ᠥᠪᠡᠷᠲᠡᠭᠡᠨ ᠵᠠᠰᠠᠬᠤ ᠵᠧᠦ᠂ ᠭᠦᠢᠶᠠᠩ ᠬᠤᠳᠠ | ᠵᠡᠷᠭᠡ ᠭᠠᠵᠠᠷ ᠲᠤ ᠬᠦᠷᠴᠦ ᠰᠢᠨᠵᠢᠯᠡᠨ ᠪᠠᠶᠢᠴᠠᠭᠠᠪᠠ᠃ | 3 ᠰᠠᠷ᠎ᠠ ᠶᠢᠨ 17 ᠠᠴᠠ 18 ᠤ ᠡᠳᠦᠷ ᠪᠤᠯᠲᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠦᠢᠵᠧᠦ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 17 ᠤ | ᠦᠳᠡ ᠶᠢᠨ ᠬᠤᠶᠢᠨ᠎ᠠ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠰᠢᠶᠠᠨ ᠤ ᠵᠤᠤ | ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠬᠤ ᠳᠠᠭᠠᠨ ᠰᠢᠨᠲ᠋ᠤᠸᠠᠨ | ᠬᠡᠩᠭᠡᠷᠭᠡᠲᠦ ᠠᠰᠠᠷ ᠲᠤ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤ | ᠲᠣᠭᠤᠷᠢᠨ ᠰᠠᠭᠤᠯᠴᠠᠵᠤ᠂ ᠬᠥᠳᠡᠭᠡ ᠳᠤᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠤᠬᠠᠢ | ᠶᠠᠷᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 17 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠵᠧᠦ ᠶᠢᠨ ᠵᠡᠭᠦᠨ ᠡᠮᠦᠨᠡᠲᠦ ᠵᠧᠦ ᠶᠢᠨ ᠯᠢ ᠫᠢᠩ ᠤᠨ | ᠰᠢᠶᠠᠨ ᠤ ᠵᠤᠤ ᠰᠢᠩ ᠤᠨ ᠳ᠋ᠦᠩ ᠦᠨᠳᠦᠰᠦᠲᠡᠨ ᠤ ᠴᠠᠶᠢᠵᠠ ᠳᠤ ᠬᠦᠷᠴᠦ ᠰᠢᠨᠵᠢᠯᠡᠨ ᠪᠠᠶᠢᠴᠠᠭᠠᠪᠠ᠃ | ᠴᠠᠶᠢᠵᠠ ᠶᠢᠨ ᠡᠭᠦᠳᠡᠨ ᠳᠤ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠴᠢᠮᠡᠭᠯᠡᠭᠰᠡᠨ ᠲᠣᠰᠬᠤᠨ ᠤ ᠠᠷᠠᠳ | ᠳ᠋ᠦᠩ ᠦᠨᠳᠦᠰᠦᠲᠡᠨ ᠤ ᠨᠠᠶᠢᠷ ᠤᠨ ᠳᠠᠭᠤᠤ ᠪᠠᠨ ᠳᠠᠭᠤᠯᠠᠵᠤ ᠶᠡᠷᠦᠩᠬᠡᠢ ᠱᠦᠵᠢ ᠶᠢ ᠤᠭᠲᠤᠪᠠ᠃ ᠰᠢ ᠶᠢᠨ ᠫᠢᠩ | ᠳ᠋ᠦᠩ ᠦᠨᠳᠦᠰᠦᠲᠡᠨ ᠤ ᠨᠠᠶᠢᠷ ᠤᠨ ᠳᠠᠭᠤᠤ ᠶᠢᠨ ᠤᠷᠠᠯᠢᠭ ᠤᠨ ᠡᠭᠦᠰᠦᠯ᠂ ᠠᠶᠠᠯᠭᠤ ᠶᠢᠨ ᠣᠨᠴᠠᠯᠢᠭ᠂ ᠳᠠᠭᠤᠯᠠᠬᠤ | ᠭᠡᠯᠪᠡᠷᠢ ᠵᠡᠷᠭᠡ ᠲᠠᠯ᠎ᠠ ᠶᠢᠨ ᠲᠠᠨᠢᠯᠴᠠᠭᠤᠯᠭ᠎ᠠ ᠶᠢ ᠮᠠᠰᠢ ᠰᠣᠨᠢᠷᠬᠠᠯᠲᠠᠢ ᠰᠣᠨᠣᠰᠴᠠᠢ᠃ ᠳᠠᠷᠠᠭ᠎ᠠ ᠨᠢ ᠲᠣᠰᠬᠤᠨ | ᠴᠠᠶᠢᠵᠠ ᠶᠢᠨ ᠵᠠᠮ ᠳᠠᠭᠠᠤ ᠳ᠋ᠦᠩ ᠦᠨᠳᠦᠰᠦᠲᠡᠨ ᠤ ᠴᠠᠶᠢᠵᠠ ᠶᠢᠨ ᠳᠦᠷᠰᠦ ᠪᠠᠶᠢᠳᠠᠯ ᠪᠠ ᠵᠢᠭᠤᠯᠴᠢᠯᠠᠯ ᠤᠨ | ᠳᠡᠯᠭᠡᠭᠦᠷ ᠢ ᠪᠠᠶᠢᠴᠠᠭᠠᠨ ᠦᠵᠡᠵᠦ᠂ ᠪᠠᠶᠢᠨ ᠲᠠᠭᠢᠨ ᠵᠣᠭᠰᠣᠨ ᠳᠡᠯᠭᠡᠭᠦᠷ ᠤᠨ ᠡᠵᠡᠨ᠂ ᠵᠢᠭᠤᠯᠴᠢᠯᠠᠬᠰᠡᠳ᠂ | ᠲᠣᠰᠬᠤᠨ ᠤ ᠠᠷᠠᠳ ᠲᠠᠢ ᠶᠠᠷᠢᠯᠴᠠᠵᠤ ᠪᠠᠶᠢᠯ᠎ᠠ᠃ ᠳ᠋ᠦᠩ ᠦᠨᠳᠦᠰᠦᠲᠡᠨ ᠤ ᠰᠣᠶᠣᠯ ᠤᠨ ᠦᠵᠡᠭᠦᠯᠭᠡ ᠶᠢᠨ | ᠲᠥᠪ ᠲᠤ ᠲᠡᠷᠡ ᠳ᠋ᠦᠩ ᠦᠨᠳᠦᠰᠦᠲᠡᠨ ᠤ ᠲᠡᠦᠬᠡ᠂ ᠵᠠᠩ ᠦᠢᠯᠡ ᠪᠣᠯᠣᠨ ᠬᠤᠪᠴᠠᠰᠤ ᠵᠠᠰᠠᠯ᠂ ᠪᠠᠷᠢᠯᠭ᠎ᠠ ᠵᠡᠷᠭᠡ | ᠣᠨᠴᠠᠯᠢᠭᠲᠤ ᠰᠣᠶᠣᠯ ᠢ ᠬᠠᠮᠠᠭᠠᠯᠠᠵᠤ ᠤᠯᠠᠮᠵᠢᠯᠠᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠳ᠋ᠦᠩ | ᠦᠨᠳᠦᠰᠦᠲᠡᠨ ᠤ ᠰᠢᠶᠠᠩ ᠤᠨ ᠣᠨᠴᠠᠯᠢᠭᠲᠤ ᠠᠵᠤ ᠦᠢᠯᠡᠰ ᠤᠨ ᠰᠠᠭᠤᠷᠢᠨ ᠳᠤ ᠲᠡᠷᠡ ᠯᠠᠳᠠᠵᠤ ᠪᠤᠳᠤᠬᠤ ᠤᠷ᠎ᠠ | ᠮᠡᠷᠭᠡᠵᠢᠯ ᠤᠨ ᠶᠠᠪᠤᠴᠠ ᠶᠢ ᠦᠵᠡᠵᠦ᠂ ᠯᠠᠳᠠᠵᠤ ᠪᠤᠳᠤᠬᠤ ᠬᠤᠷᠰᠢᠶ᠎ᠠ ᠶᠢᠨ ᠵᠣᠴᠢᠳ ᠢ ᠳᠡᠭᠡᠳᠦᠯᠡᠬᠦ᠂ ᠶᠠᠰᠤ ᠴᠢᠨᠠᠷ ᠢ | ᠲᠡᠷᠢᠭᠦᠨ ᠳᠤ ᠲᠠᠯᠪᠢᠬᠤ ᠡᠵᠡᠩᠨᠡᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠪᠠᠶᠢᠬᠤ ᠶᠢ ᠨᠤᠲᠠᠯᠠᠪᠠ᠃ ᠰᠢ ᠶᠢᠨ | ᠫᠢᠩ᠂ ᠴᠥᠭᠡᠨ ᠲᠣᠭᠠᠲᠤ ᠦᠨᠳᠦᠰᠦᠲᠡᠨ ᠤ ᠰᠣᠶᠣᠯ ᠪᠣᠯ ᠳᠤᠮᠳᠠᠳᠤ ᠶᠢᠨ ᠰᠣᠶᠣᠯ ᠤᠨ ᠲᠤᠲᠠᠭᠳᠠᠵᠤ ᠪᠣᠯᠣᠰᠢ | ᠦᠭᠡᠢ ᠪᠦᠷᠢᠯᠳᠦᠭᠦᠨ ᠬᠡᠰᠡᠭ ᠮᠥᠨ᠃ ᠪᠦᠲᠦᠨ ᠢᠶᠠᠷ ᠢᠶᠠᠨ ᠪᠠᠶᠢᠭ᠎ᠠ ᠠᠶᠢᠯ ᠲᠣᠰᠬᠤᠨ᠂ ᠠᠷᠠᠳ ᠤᠨ ᠣᠷᠣᠨ | ᠰᠠᠭᠤᠴᠠ᠂ ᠣᠨᠴᠠᠯᠢᠭᠲᠤ ᠪᠠᠷᠢᠯᠭ᠎ᠠ ᠶᠢᠨ ᠳᠦᠷᠰᠦ ᠪᠠᠶᠢᠳᠠᠯ ᠢ ᠬᠠᠮᠠᠭᠠᠯᠠᠵᠤ᠂ ᠦᠯᠦ ᠮᠡᠳᠡᠭᠳᠡᠮ᠎ᠡ ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠨ ᠵᠠᠯᠭᠠᠮᠵᠢᠯᠠᠬᠤ ᠪᠠᠷ ᠪᠠᠷᠠᠬᠤ ᠦᠭᠡᠢ ᠪᠠᠰᠠ ᠲᠡᠭᠦᠨ ᠢ ᠪᠦᠲᠦᠭᠡᠯᠴᠢ ᠴᠢᠨᠠᠷᠲᠠᠢ ᠪᠠᠷ | ᠬᠤᠪᠢᠷᠠᠭᠤᠯᠬᠤ᠂ ᠰᠢᠨ᠎ᠡ ᠶᠢ ᠡᠭᠦᠳᠬᠦ ᠴᠢᠨᠠᠷᠲᠠᠢ ᠪᠠᠷ ᠬᠥᠭᠵᠢᠭᠦᠯᠬᠦ ᠶᠢ ᠠᠬᠢᠭᠤᠯᠵᠤ᠂ ᠠᠰᠢᠭᠯᠠᠯᠲᠠ ᠶᠢᠨ ᠳᠤᠮᠳᠠ | ᠦᠨᠳᠦᠰᠦᠲᠡᠨ ᠤ ᠣᠨᠴᠠᠯᠢᠭ ᠢ ᠨᠠᠩ ᠠᠮᠢᠳᠤᠯᠢᠭ ᠲᠣᠳᠣ ᠪᠤᠯᠭᠠᠵᠤ᠂ ᠰᠢᠨ᠎ᠡ ᠭᠡᠷᠡᠯ ᠭᠢᠯᠪᠠᠭ᠎ᠠ ᠶᠢ ᠨᠢ ᠲᠠᠰᠤᠷᠠᠯᠲᠠ | ᠦᠭᠡᠢ ᠰᠠᠴᠤᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠨᠲ᠋ᠤᠸᠠᠨ ᠬᠡᠩᠭᠡᠷᠭᠡᠲᠦ ᠠᠰᠠᠷ ᠲᠤ ᠰᠢ ᠶᠢᠨ | ᠫᠢᠩ ᠲᠣᠰᠬᠤᠨ ᠤ ᠺᠠᠳ᠋ᠷ ᠪᠣᠯᠣᠨ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠬᠠᠮᠲᠤ ᠰᠠᠭᠤᠯᠴᠠᠵᠤ | ᠳᠣᠲᠣᠨᠣ ᠪᠠᠷ ᠶᠠᠷᠢᠯᠴᠠᠪᠠ᠃ ᠤᠯᠠᠨ ᠢᠶᠠᠷ ᠢᠶᠠᠨ ᠶᠡᠷᠦᠩᠬᠡᠢ ᠱᠦᠵᠢ ᠳᠤ ᠣᠶᠢᠷ᠎ᠠ ᠶᠢᠨ ᠵᠢᠯ ᠤᠨ ᠲᠤᠷᠰᠢᠬᠢ ᠬᠥᠳᠡᠭᠡ | ᠲᠣᠰᠬᠤᠨ ᠳᠤ ᠭᠠᠷᠤᠭᠰᠠᠨ ᠪᠠᠶᠠᠷᠯᠠᠭᠤᠰᠢᠲᠠᠢ ᠬᠤᠪᠢᠷᠠᠯᠲᠠ ᠶᠢ ᠶᠠᠷᠢᠵᠤ ᠥᠭᠪᠡ᠃ ᠰᠢ ᠶᠢᠨ ᠫᠢᠩ᠂ ᠳ᠋ᠦᠩ | ᠦᠨᠳᠦᠰᠦᠲᠡᠨ ᠤ ᠴᠠᠶᠢᠵᠠ ᠶᠢ ᠡᠶᠢᠮᠦ ᠰᠠᠶᠢᠬᠠᠨ ᠬᠠᠮᠠᠭᠠᠯᠠᠵᠤ᠂ ᠳ᠋ᠦᠩ ᠦᠨᠳᠦᠰᠦᠲᠡᠨ ᠤ ᠤᠯᠠᠨ ᠲᠦᠮᠡᠨ ᠤ | ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠦᠵᠡᠭᠡᠳ ᠮᠠᠰᠢ ᠪᠠᠶᠠᠷᠯᠠᠵᠤ ᠪᠠᠶᠢᠨ᠎ᠠ ᠭᠡᠵᠦ ᠢᠯᠡᠳᠬᠡᠪᠡ᠃ ᠲᠡᠷᠡ᠂ | ᠠᠷᠠᠳ ᠤᠯᠠᠨ ᠤ ᠶᠠᠪᠤᠳᠠᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠬᠥᠳᠡᠭᠡ ᠲᠣᠰᠬᠤᠨ ᠤ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠡᠭᠦᠷ ᠤᠨ ᠲᠠᠶᠢᠴᠢᠨ | ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠵᠤ᠂ | ᠤᠯᠠᠨ ᠲᠦᠮᠡᠨ ᠢ ᠳᠠᠭᠠᠭᠤᠯᠤᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠰᠠᠶᠢᠲᠤᠷ | ᠬᠢᠬᠦ ᠳᠤ ᠪᠠᠶᠢᠨ᠎ᠠ ᠭᠡᠵᠦ ᠵᠢᠭᠠᠵᠤ ᠭᠠᠷᠭᠠᠪᠠ᠃ | ᠬᠡᠩᠭᠡᠷᠭᠡᠲᠦ ᠠᠰᠠᠷ ᠠᠴᠠ ᠰᠠᠯᠬᠤ ᠦᠶ᠎ᠡ ᠳᠤ ᠲᠣᠰᠬᠤᠨ ᠤ ᠠᠷᠠᠳ ᠠᠷᠤ ᠠᠷᠤ ᠠᠴᠠ ᠪᠠᠨ ᠬᠦᠷᠢᠶᠡᠯᠡᠨ | ᠢᠷᠡᠵᠦ᠂ ᠬᠠᠯᠠᠭᠤᠨ ᠠᠯᠠᠭ᠎ᠠ ᠲᠠᠰᠢᠵᠤ᠂ ᠥᠨᠳᠥᠷ ᠲᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ᠃ | ᠰᠢ ᠶᠢᠨ ᠫᠢᠩ᠂ ᠳ᠋ᠦᠩ ᠦᠨᠳᠦᠰᠦᠲᠡᠨ ᠤ ᠠᠷᠠᠳ ᠲᠦᠮᠡᠨ ᠪᠣᠷᠣᠭᠵᠢᠭᠤᠨ᠂ ᠠᠵᠢᠯᠴᠢ ᠭᠦᠳᠡᠯᠮᠦᠷᠢᠴᠢ᠂ | ᠰᠣᠶᠣᠯ ᠲᠠᠢ᠂ ᠤᠶᠤᠨ ᠤᠬᠠᠭᠠᠨ ᠲᠠᠢ ᠶᠤᠮ᠃ ᠤᠯᠠᠨ ᠢᠶᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠬᠢᠴᠠ ᠳᠤᠮᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠡᠩ | ᠰᠠᠶᠢᠲᠤᠷ ᠬᠢᠬᠦ ᠶᠢ ᠬᠦᠰᠡᠵᠦ ᠪᠠᠶᠢᠨ᠎ᠠ᠂ ᠤᠯᠠᠨ ᠤ ᠠᠮᠢᠳᠤᠷᠠᠯ ᠡᠳᠦᠷ ᠠᠴᠠ ᠡᠳᠦᠷ ᠥᠭᠡᠳᠡ ᠡᠰᠡᠷᠡᠭ ᠪᠤᠯᠬᠤ ᠶᠢ | ᠬᠦᠰᠡᠨ ᠵᠥᠩᠨᠡᠵᠦ ᠪᠠᠶᠢᠨ᠎ᠠ ᠭᠡᠵᠦ ᠪᠠᠶᠠᠷ ᠲᠠᠢ ᠬᠠᠷᠢᠭᠤᠯᠪᠠ᠃ ᠳ᠋ᠦᠩ ᠦᠨᠳᠦᠰᠦᠲᠡᠨ ᠤ ᠴᠠᠶᠢᠵᠠ ᠠᠴᠠ ᠰᠠᠯᠬᠤ | ᠦᠶ᠎ᠡ ᠳᠤ ᠳ᠋ᠦᠩ ᠦᠨᠳᠦᠰᠦᠲᠡᠨ ᠤ ᠣᠯᠠᠨ ᠲᠦᠮᠡᠨ ︽ᠳ᠋ᠦᠩ ᠦᠨᠳᠦᠰᠦᠲᠡᠨ ᠤ ᠳᠠᠭᠤᠤ ᠪᠠᠨ ᠨᠠᠮ ᠳᠠᠭᠠᠨ | ᠳᠠᠭᠤᠯᠠᠵᠤ ᠥᠭᠭᠦᠶ᠎ᠡ︾ ᠭᠡᠬᠦ ᠳᠠᠭᠤᠤ ᠶᠢ ᠭᠦᠨ ᠰᠡᠳᠬᠢᠯᠭᠡ ᠲᠠᠢ ᠳᠠᠭᠤᠯᠠᠵᠤ᠂ ᠶᠡᠷᠦᠩᠬᠡᠢ ᠱᠦᠵᠢ ᠶᠢ ᠬᠠᠶᠢᠷᠠᠯᠠᠵᠤ | ᠪᠠᠶᠢᠬᠤ ᠪᠠ ᠰᠠᠯᠵᠤ ᠶᠠᠳᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ ᠪᠠᠶᠢᠨ ᠳᠠᠭᠢᠨ ᠭᠠᠷ ᠳᠠᠯᠠᠯᠤᠨ᠂ | ᠨᠤᠲᠤᠭ ᠤᠨ ᠠᠬ᠎ᠠ ᠳᠡᠭᠦᠦ ᠨᠠᠷ ᠲᠠᠢ ᠰᠠᠯᠬᠤ ᠶᠣᠰᠣ ᠭᠦᠢᠴᠡᠳᠬᠡᠪᠡ᠃ | 18 ᠤ ᠦᠳᠡ ᠶᠢᠨ ᠡᠮᠦᠨ᠎ᠡ᠂ ᠰᠢ ᠶᠢᠨ ᠫᠢᠩ ᠭᠦᠢᠵᠧᠦ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠦᠢᠵᠧᠦ ᠶᠢᠨ ᠡᠯ᠎ᠡ ᠲᠠᠯ᠎ᠠ ᠶᠢᠨ | ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠭᠦᠢᠵᠧᠦ ᠵᠣᠷᠢᠭ ᠰᠢᠭᠤᠳᠤᠨ᠂ ᠵᠣᠷᠢᠭᠲᠠᠢ ᠪᠠᠷ | ᠬᠠᠶᠢᠨ ᠰᠦᠪᠡᠭᠴᠢᠯᠡᠵᠦ᠂ ᠪᠣᠳᠠᠲᠤ ᠴᠣᠭᠴᠠ ᠶᠢᠨ ᠠᠵᠤ ᠠᠬᠤᠢ ᠪᠠᠷ ᠰᠠᠭᠤᠷᠢ ᠪᠤᠯᠭᠠᠬᠤ ᠶᠢ ᠪᠠᠷᠢᠮᠲᠠᠯᠠᠵᠤ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠴᠢᠩᠭᠠᠳᠬᠠᠵᠤ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ | ᠰᠣᠯᠢᠭᠳᠠᠯ ᠢ ᠨᠢᠭᠡᠳᠦᠯᠲᠡᠢ ᠲᠥᠯᠥᠪᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ | ᠲᠡᠰ ᠳᠡᠪᠰᠢᠭᠦᠯᠬᠦ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠢᠳᠡᠪᠬᠢᠲᠡᠢ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠵᠡᠷᠭᠡ ᠠᠵᠤ ᠦᠢᠯᠡᠰ ᠢ | ᠬᠦᠴᠦᠷᠬᠡᠭᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠲᠣᠭᠲᠠᠯ ᠬᠦᠴᠦᠨ ᠪᠠ ᠲᠡᠪᠴᠢᠶᠡᠷᠢᠲᠡᠢ ᠪᠠᠶᠢᠬᠤ ᠶᠢ ᠪᠠᠲᠤᠯᠠᠵᠤ | ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠨᠠᠷᠢᠯᠢᠭ ᠣᠨᠣᠴᠠᠲᠠᠢ ᠪᠠᠷ ᠠᠷᠭ᠎ᠠ | ᠪᠣᠳᠣᠯᠭ᠎ᠠ ᠬᠡᠷᠡᠭᠵᠢᠭᠦᠯᠵᠦ᠂ ᠬᠤᠷᠳᠤᠴᠠ ᠪᠠ ᠦᠷ᠎ᠡ ᠠᠰᠢᠭ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ | ᠶᠠᠰᠤ ᠴᠢᠨᠠᠷ ᠢ ᠪᠦᠲᠦᠮᠵᠢᠲᠡᠶ ᠪᠠᠷ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠨᠡᠮᠡᠭᠳᠡᠭᠦᠯᠬᠦ ᠶᠢ | ᠪᠡᠶᠡᠯᠡᠭᠦᠯᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠠᠮᠢ ᠠᠬᠤᠢ ᠶᠢᠨ | ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠨᠢᠭᠡ ᠭᠠᠵᠠᠷ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠨᠢ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠲᠠᠢ ᠨᠢᠭᠲᠠ ᠬᠤᠯᠪᠤᠭ᠎ᠠ ᠲᠠᠢ ᠪᠠᠶᠢᠳᠠᠭ᠃ ᠭᠦᠢᠵᠧᠦ ᠪᠦᠭᠦ ᠤᠯᠤᠰ ᠤᠨ ᠨᠢᠭᠡᠳᠦᠯᠲᠡᠢ | ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠣᠷᠣᠨ ᠨᠤᠲᠤᠭ ᠤᠨ | ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯᠲᠡ᠂ ᠳᠣᠲᠣᠭᠠᠳᠤ ᠶᠢᠨ ᠰᠢᠷᠦᠭᠦᠨ ᠥᠷᠢᠰᠦᠯᠳᠦᠭᠡᠨ ᠢ ᠡᠷᠡᠰ | ᠡᠪᠳᠡᠵᠦ᠂ ᠪᠦᠭᠦ ᠨᠡᠶᠢᠭᠡᠮ ᠤᠨ ᠦᠢᠯᠡᠰ ᠪᠣᠰᠬᠠᠵᠤ ᠰᠢᠨ᠎ᠡ ᠶᠢ ᠡᠭᠦᠳᠬᠦ ᠳᠤ ᠯᠠᠪᠳᠠᠭᠤᠨ ᠲᠣᠭᠲᠠᠭᠤᠨ ᠡᠷᠬᠡ ᠲᠡᠭᠰᠢ | ᠢᠯᠡ ᠲᠣᠳᠣ᠂ ᠵᠢᠱᠢᠵᠦ ᠪᠣᠯᠬᠤᠶᠢᠴᠠ ᠣᠷᠴᠢᠨ ᠲᠣᠭᠤᠷᠢᠨ ᠢ ᠪᠤᠢ ᠪᠤᠯᠭᠠᠵᠤ ᠥᠭᠬᠦ ᠬᠡᠷᠡᠭᠲᠡᠢ᠃ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠨᠢᠭᠡ ᠲᠠᠯ᠎ᠠ ᠪᠠᠷ ᠥᠭᠡᠷᠡᠴᠢᠯᠡᠯᠲᠡ ᠶᠢ ᠠᠳᠬᠤᠵᠤ᠂ ᠴᠢᠨᠠᠷ | ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠲᠣᠷᠬᠤ ᠴᠡᠭ ᠢ ᠨᠡᠪᠲᠡᠷᠡᠭᠦᠯᠬᠦ ᠭᠡᠷᠡᠭᠲᠡᠢ︔ | ᠨᠦᠭᠦᠭᠡ ᠲᠠᠯ᠎ᠠ ᠪᠠᠷ ᠺᠠᠳ᠋ᠷ ᠤᠨ ᠬᠥᠮᠦᠵᠢᠯ ᠬᠠᠮᠢᠶᠠᠷᠤᠯᠲᠠ ᠶᠢ ᠠᠳᠬᠤᠵᠤ᠂ ᠺᠠᠳ᠋ᠷᠴᠤᠳ ᠤᠨ ᠶᠡᠭᠡ ᠲᠠᠯ᠎ᠠ ᠶᠢᠨ | ᠤᠬᠠᠮᠰᠠᠷ᠂ ᠦᠢᠯᠡᠴᠢᠯᠡᠭᠡᠨ ᠤ ᠤᠬᠠᠮᠰᠠᠷ᠂ ᠦᠨᠡᠨᠴᠢ ᠢᠲᠡᠭᠡᠮᠵᠢ ᠶᠢᠨ ᠤᠬᠠᠮᠰᠠᠷ᠂ ᠠᠷᠢᠭᠤᠨ ᠴᠢᠬᠡᠴᠢ ᠶᠢᠨ | ᠤᠬᠠᠮᠰᠠᠷ ᠢ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠨᠡᠭᠡᠭᠡᠯᠲᠡ ᠬᠢᠬᠦ ᠪᠣᠯ ᠪᠠᠰᠠ ᠴᠤ ᠴᠢᠬᠤᠯᠠ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠮᠥᠨ᠃ ᠭᠦᠢᠵᠧᠦ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ | ᠲᠠᠩᠭᠢᠰ ᠤᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠭᠢᠶᠠᠯ ᠢ ᠰᠠᠶᠢᠲᠤᠷ ᠠᠰᠢᠭᠯᠠᠵᠤ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ᠂ ᠴᠧᠩᠳᠦ᠋ ᠴᠦᠩᠴᠢᠩ ᠤᠨ ᠬᠤᠶᠠᠷ | ᠬᠤᠲᠠ ᠶᠢᠨ ᠠᠵᠤ ᠠᠬᠤᠢ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠵᠣᠯᠭᠠᠭᠤᠯᠵᠤ᠂ ᠡᠬᠡ | ᠬᠠᠭᠤᠷᠠᠢ ᠲᠠᠯᠠᠢ ᠲᠠᠩᠭᠢᠰ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠤᠭᠠᠯᠠᠨ ᠬᠥᠳᠡᠯᠦᠯᠴᠡᠬᠦ᠂ ᠵᠡᠭᠦᠨᠰᠢ | ᠪᠠᠷᠠᠭᠤᠨᠰᠢ ᠬᠤᠣᠰ ᠴᠢᠭᠯᠡᠯ ᠢᠶᠠᠷ ᠬᠠᠷᠢᠯᠴᠠᠨ ᠲᠡᠳᠬᠦᠬᠦ ᠪᠦᠭᠦ ᠲᠠᠯ᠎ᠠ ᠶᠢᠨ ᠨᠡᠭᠡᠭᠡᠯᠲᠡ ᠶᠢᠨ ᠪᠠᠶᠢᠷᠢᠰᠢᠯ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠭᠦᠢᠵᠧᠦ ᠥᠪᠡᠷ ᠤᠨ ᠪᠣᠳᠠᠲᠤ ᠪᠠᠶᠢᠳᠠᠯ ᠠᠴᠠ ᠪᠠᠨ ᠡᠭᠦᠰᠴᠦ᠂ ᠰᠢᠶᠠᠨ ᠤ ᠲᠥᠪ ᠢᠶᠠᠷ | ᠴᠢᠬᠤᠯᠠ ᠠᠴᠢᠶᠠᠯᠠᠪᠤᠷᠢ ᠪᠤᠯᠭᠠᠬᠰᠠᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ | ᠪᠠᠲᠤᠲᠠᠢ ᠠᠬᠢᠭᠤᠯᠵᠤ᠂ ᠦᠢᠯᠡᠰ ᠢᠶᠠᠨ ᠬᠥᠭᠵᠢᠭᠦᠯᠬᠦ᠂ ᠰᠢᠶᠠᠨ ᠢᠶᠠᠨ ᠬᠦᠴᠦᠷᠬᠡᠭᠵᠢᠭᠦᠯᠬᠦ᠂ ᠠᠷᠠᠳ ᠢ | ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠰᠢᠶᠠᠨ ᠤ ᠬᠡᠪᠴᠢᠶᠡᠨ ᠤ | ᠠᠵᠤ ᠦᠢᠯᠡᠰ ᠤᠨ ᠰᠠᠭᠤᠷᠢ ᠳᠤ ᠰᠠᠭᠤᠷᠢᠯᠠᠨ᠂ ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠬᠤᠯᠠᠴᠢᠯᠠᠵᠤ᠂ | ᠵᠥᠷᠢᠭᠦᠯᠦᠨ ᠬᠥᠭᠵᠢᠭᠦᠯᠵᠦ᠂ ᠲᠠᠷᠠᠬᠠᠢ ᠪᠤᠲᠠᠷᠬᠠᠢ ᠴᠡᠭ ᠢ ᠬᠡᠯᠬᠢᠶᠡᠵᠢᠭᠦᠯᠬᠦ ᠬᠡᠷᠡᠭᠲᠡᠢ᠃ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠣᠳᠣ ᠦᠶ᠎ᠡ ᠶᠢᠨ ᠠᠭᠤᠯᠠᠷᠬᠠᠭ ᠭᠠᠵᠠᠷ ᠤᠨ ᠣᠨᠴᠠᠯᠢᠭ ᠪᠦᠬᠦᠢ ᠥᠨᠳᠥᠷ ᠦᠷ᠎ᠡ | ᠠᠰᠢᠭᠲᠤ ᠬᠥᠳᠡᠭᠡ ᠠᠵᠤ ᠠᠬᠤᠢ ᠶᠢ ᠬᠥᠭᠵᠢᠭᠦᠯᠵᠦ᠂ ᠵᠠᠬ᠎ᠠ ᠳᠡᠯᠭᠡᠭᠦᠷ ᠲᠤ ᠤᠳᠠᠭᠠᠨ ᠳᠠᠭᠠᠭᠠᠮᠠᠭᠠᠢ ᠥᠷᠢᠰᠦᠯᠳᠦᠬᠦ | ᠬᠦᠴᠦᠨ ᠲᠠᠢ ᠣᠨᠴᠠᠯᠢᠭᠲᠤ ᠭᠤᠣᠯᠯᠠᠬᠤ ᠠᠵᠤ ᠦᠢᠯᠡᠰ ᠢ ᠪᠤᠶᠢᠵᠢᠭᠤᠯᠬᠤ ᠬᠡᠷᠡᠭᠲᠡᠢ᠃ ᠠᠰᠢᠭ ᠲᠤᠰᠠ ᠶᠢᠨ | ᠬᠤᠯᠪᠣᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠥᠭᠵᠢᠯᠲᠡ ᠶᠢᠨ ᠳᠤᠮᠳᠠ ᠤᠯᠠᠨ | ᠲᠦᠮᠡᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠣᠷᠣᠯᠭ᠎ᠠ | ᠪᠠᠭᠠᠲᠠᠢ ᠬᠥᠮᠥᠨ ᠠᠮᠠ ᠶᠢ ᠨᠢᠭᠡᠳᠦᠯᠲᠡᠢ ᠬᠢᠨᠠᠨ ᠬᠡᠮᠵᠢᠬᠦ᠂ ᠲᠦᠷᠦᠯ ᠬᠤᠪᠢᠶᠠᠨ ᠬᠠᠪᠰᠤᠷᠤᠨ ᠲᠡᠳᠬᠦᠬᠦ | ᠲᠣᠭᠲᠠᠴᠠ ᠶᠢ ᠪᠠᠶᠢᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠰᠢ ᠶᠢᠨ ᠫᠢᠩ᠂ ᠭᠦᠢᠵᠧᠦ ᠶᠢᠨ ᠲᠡᠦᠬᠡ ᠶᠢᠨ ᠲᠤᠨᠳᠠᠰᠤ ᠵᠤᠵᠠᠭᠠᠨ᠂ ᠬᠤᠪᠢᠰᠬᠠᠯ ᠤᠨ | ᠰᠣᠶᠣᠯ ᠪᠠᠶᠠᠯᠢᠭ᠂ ᠦᠨᠳᠦᠰᠦᠲᠡᠨ ᠤ ᠰᠣᠶᠣᠯ ᠥᠩᠭᠡ ᠢᠯᠭᠠᠷᠠᠮ᠎ᠠ ᠰᠠᠶᠢᠬᠠᠨ ᠶᠤᠮ᠂ ᠡᠨᠡ ᠬᠦ ᠳᠠᠪᠠᠭᠤᠯᠢᠭ ᠢᠶᠠᠨ | ᠠᠰᠢᠭᠯᠠᠵᠤ᠂ ᠰᠣᠶᠣᠯ ᠤᠨ ᠢᠲᠡᠭᠡᠯ ᠢᠶᠠᠨ ᠨᠡᠮᠡᠭᠳᠡᠭᠦᠯᠵᠦ᠂ ᠰᠤᠷᠲᠠᠯ ᠢᠶᠠᠷ ᠬᠥᠮᠥᠨ ᠢ ᠬᠥᠮᠥᠵᠢᠭᠦᠯᠵᠦ᠂ ᠠᠵᠤ | ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠣᠨᠴᠠᠯᠢᠭᠲᠤ ᠬᠥᠳᠡᠭᠡ ᠲᠣᠰᠬᠤᠨ | ᠂ ᠤᠯᠠᠮᠵᠢᠯᠠᠯᠲᠤ ᠲᠣᠰᠬᠤᠨ ᠪᠣᠯᠣᠨ ᠲᠡᠦᠬᠡ ᠰᠣᠶᠣᠯ ᠤᠨ ᠨᠡᠷᠡᠳᠤ ᠲᠣᠰᠬᠤᠨ ᠨᠡᠷᠡᠳᠤ ᠪᠠᠯᠭᠠᠰᠤ᠂ ᠬᠤᠪᠢᠰᠬᠠᠯᠲᠤ | ᠲᠠᠶᠢᠨ ᠤ ᠦᠶ᠎ᠡ ᠳᠤ ᠦᠯᠡᠳᠡᠭᠡᠭᠰᠡᠨ ᠬᠤᠪᠢᠰᠬᠠᠯ ᠤᠨ ᠬᠠᠭᠤᠴᠢᠨ ᠪᠠᠭᠤᠷᠢ ᠶᠢ ᠰᠢᠰᠲ᠋ᠧᠮᠲᠦ ᠴᠢᠨᠠᠷᠲᠠᠢ ᠪᠠᠷ | ᠬᠠᠮᠠᠭᠠᠯᠠᠬᠤ ᠶᠢ ᠴᠢᠩᠭᠠᠳᠬᠠᠬᠤ ᠬᠡᠷᠡᠭᠲᠡᠢ᠃ ᠬᠡᠪ ᠵᠠᠩᠰᠢᠯ ᠢ ᠥᠭᠡᠷᠡᠴᠢᠯᠡᠬᠦ ᠶᠢ ᠪᠠᠷᠢᠮᠲᠠᠯᠠᠵᠤ᠂ ᠪᠣᠯᠪᠠᠰᠤᠨ ᠰᠢᠨ᠎ᠡ | ᠰᠤᠷᠲᠠᠯ ᠢ ᠢᠳᠡᠪᠬᠢᠲᠡᠢ ᠪᠤᠶᠢᠵᠢᠭᠤᠯᠬᠤ ᠬᠡᠷᠡᠭᠲᠡᠢ᠃ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠭᠤᠰᠤᠯᠴᠠᠯ ᠢ | ᠭᠦᠨᠵᠡᠭᠡᠶᠢᠷᠡᠭᠦᠯᠵᠦ᠂ ᠵᠢᠭᠤᠯᠴᠢᠯᠠᠯ ᠤᠨ ᠡᠵᠡᠩᠨᠡᠯᠲᠡ ᠶᠢᠨ ᠭᠡᠯᠪᠡᠷᠢ ᠶᠢ ᠪᠠᠶᠠᠯᠢᠭᠵᠢᠭᠤᠯᠵᠤ᠂ ︽ᠲᠠᠩᠰᠤᠭ ᠰᠠᠶᠢᠬᠠᠨ | ᠭᠦᠢᠵᠧᠦ︾ ᠰᠣᠶᠣᠯ ᠵᠢᠭᠤᠯᠴᠢᠯᠠᠯ ᠤᠨ ᠰᠢᠨ᠎ᠡ ᠲᠥᠷᠥᠯ ᠲᠡᠮᠳᠡᠭ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ | ᠤᠬᠳᠤ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠮ ᠤᠨ | ᠲᠥᠪ ᠬᠤᠷᠢᠶ᠎ᠠ ᠠᠴᠠ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠲᠣᠭᠲᠠᠪᠠ᠂ ᠡᠨᠡ ᠪᠣᠯ ᠡᠨᠡ ᠵᠢᠯ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠭᠡᠰᠢᠭᠦᠨ᠂ ᠺᠠᠳ᠋ᠷ ᠤᠨ ᠲᠣᠭᠲᠠᠯ | ᠬᠦᠴᠦᠨ ᠢᠶᠠᠨ ᠨᠡᠮᠡᠭᠳᠡᠭᠦᠯᠬᠦ᠂ ᠳᠠᠳᠬᠠᠯ ᠪᠤᠯᠬᠤ ᠶᠢ ᠠᠬᠢᠭᠤᠯᠵᠤ᠂ ᠰᠢᠯᠢᠳᠡᠭ ᠰᠤᠷᠲᠠᠯ ᠢᠶᠠᠷ ᠰᠡᠳᠬᠢᠯ ᠢᠶᠠᠨ | ᠨᠢᠭᠡᠳᠬᠡᠨ ᠬᠦᠴᠦ ᠪᠠᠨ ᠬᠠᠮᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠢ᠃ ᠨᠠᠮᠴᠢ ᠴᠢᠨᠠᠷ ᠨᠠᠮ ᠤᠨ | ᠰᠤᠷᠲᠠᠯ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠰᠤᠷᠲᠠᠯ ᠢ ᠴᠡᠭᠴᠡᠯᠡᠨ ᠰᠠᠬᠢᠯᠭ᠎ᠠ | ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠬᠠᠷᠢᠯᠴᠠᠨ ᠤᠶᠠᠯᠳᠤᠭᠤᠯᠵᠤ᠂ ᠢᠯᠵᠢᠷᠡᠯ ᠤᠨ ᠡᠭᠦᠰᠦᠨ | ᠳᠡᠯᠭᠡᠷᠡᠬᠦ ᠬᠥᠷᠥᠰᠥ ᠰᠢᠷᠣᠢ ᠪᠠ ᠨᠥᠬᠦᠴᠡᠯ ᠢ ᠠᠷᠢᠯᠭᠠᠬᠤ ᠶᠢ ᠰᠤᠯᠠᠷᠠᠭᠤᠯᠤᠯ ᠦᠭᠡᠢ ᠪᠠᠶᠢᠩᠭᠤ ᠠᠳᠬᠤᠬᠤ ᠬᠡᠷᠡᠭᠲᠡᠢ | ᠃ ᠤᠷᠳᠤ ᠵᠠᠮ ᠤᠨ ᠠᠶᠠᠨ ᠲᠠᠶᠢᠨ ᠤ ᠵᠣᠷᠢᠭ ᠰᠠᠨᠠᠭ᠎ᠠ ᠪᠣᠯᠣᠨ ᠽᠦᠨ ᠢ ᠶᠢᠨ ᠬᠤᠷᠠᠯ ᠤᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠣᠮᠤᠭ ᠲᠡᠭᠦᠯᠳᠡᠷ ᠲᠡᠮᠡᠴᠡᠯ ᠤᠨ ᠵᠣᠷᠢᠭ ᠢᠶᠠᠷ ᠰᠢᠨ᠎ᠡ ᠴᠠᠭ ᠦᠶ᠎ᠡ ᠶᠢᠨ ᠤᠷᠳᠤ ᠵᠠᠮ ᠤᠨ ᠠᠶᠠᠨ | ᠲᠠᠶᠢᠨ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ | ᠪᠠᠶᠢᠴᠠᠭᠠᠪᠠ᠃ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | |