ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 13 ᠤ ᠴᠠᠭᠢᠯᠭᠠᠨ ᠮᠡᠳᠡᠭᠡ 1 ᠰᠠᠷ᠎ᠠ ᠶᠢᠨ | 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ | ᠭᠷᠧᠨᠡᠳᠡ ᠶᠢᠨ ᠶᠡᠷᠦᠩᠬᠡᠢ ᠰᠠᠶᠢᠳ ᠮᠢᠴᠧᠯ ᠲᠠᠢ ᠠᠭᠤᠯᠵᠠᠪᠠ᠃ | 1 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ | ᠢᠷᠡᠭᠰᠡᠨ ᠭᠷᠧᠨᠡᠳᠡ ᠶᠢᠨ ᠶᠡᠷᠦᠩᠬᠡᠢ ᠰᠠᠶᠢᠳ ᠮᠢᠴᠧᠯ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠮᠢᠴᠧᠯ ᠲᠥᠪᠡᠳ ᠤᠨ ᠲᠢᠩᠷᠢ ᠳᠤ ᠭᠠᠵᠠᠷ ᠬᠥᠳᠡᠯᠦᠭᠰᠡᠨ ᠳᠤ ᠳᠤᠮᠳᠠᠳᠤ ᠤᠯᠤᠰ ᠤᠨ ᠵᠠᠰᠠᠭ ᠤᠨ ᠣᠷᠳᠣᠨ | ᠪᠣᠯᠣᠨ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ | ᠡᠭᠦᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠡᠨᠡ ᠤᠳᠠᠭ᠎ᠠ ᠶᠢᠨ ᠭᠠᠵᠠᠷ ᠬᠥᠳᠡᠯᠦᠯᠲᠡ ᠨᠢ ᠳᠤᠮᠳᠠᠳᠤ | ᠤᠯᠤᠰ ᠤᠨ ᠪᠠᠷᠠᠭᠤᠨ ᠡᠮᠦᠨᠡᠲᠦ ᠶᠢᠨ ᠡᠷᠭᠦᠭᠳᠡᠴᠡ ᠪᠠᠷ ᠥᠨᠳᠥᠷ ᠭᠠᠵᠠᠷ ᠣᠷᠣᠨ ᠳᠤ ᠡᠭᠦᠰᠴᠦ᠂ ᠳᠤᠮᠳᠠᠳᠤ | ᠤᠯᠤᠰ ᠬᠠᠮᠤᠭ ᠤᠨ ᠣᠬᠤᠷ ᠬᠤᠭᠤᠴᠠᠭᠠᠨ ᠳᠤ ᠠᠪᠤᠷᠠᠨ ᠲᠤᠰᠠᠯᠠᠬᠤ ᠪᠠ ᠲᠦᠷ ᠴᠠᠭ ᠲᠥᠪᠬᠢᠨᠡᠭᠦᠯᠬᠦ ᠠᠵᠢᠯ ᠢ | ᠪᠡᠶᠡᠯᠡᠭᠦᠯᠦᠭᠰᠡᠨ ᠪᠥᠭᠡᠳ ᠪᠠᠰᠠ ᠬᠠᠮᠤᠭ ᠤᠨ ᠣᠬᠤᠷ ᠬᠤᠭᠤᠴᠠᠭᠠᠨ ᠳᠤ ᠳᠠᠭᠢᠨ ᠪᠦᠲᠦᠭᠡᠨ ᠪᠠᠶᠢᠭᠤᠯᠤᠯᠲᠠ ᠬᠢᠬᠦ | ᠪᠣᠯᠣᠨ᠎ᠠ᠂ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠢᠯᠠᠯᠲᠠ ᠶᠢ ᠣᠯᠬᠤ ᠳᠤ | ᠳᠤᠮᠳᠠᠳᠤ ᠤᠯᠤᠰ ᠤᠨ ᠵᠠᠰᠠᠭ ᠤᠨ ᠣᠷᠳᠣᠨ ᠢᠲᠡᠭᠡᠯ ᠲᠠᠢ ᠪᠥᠭᠡᠳ ᠴᠢᠳᠠᠪᠤᠷᠢ ᠲᠠᠢ ᠶᠤᠮ ᠭᠡᠵᠦ ᠵᠢᠭᠠᠵᠤ ᠭᠠᠷᠭᠠᠪᠠ | ᠃ | 1 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ | ᠢᠷᠡᠭᠰᠡᠨ ᠭᠷᠧᠨᠡᠳᠡ ᠶᠢᠨ ᠶᠡᠷᠦᠩᠬᠡᠢ ᠰᠠᠶᠢᠳ ᠮᠢᠴᠧᠯ ᠲᠠᠢ ᠠᠭᠤᠯᠵᠠᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠰᠢ ᠶᠢᠨ ᠫᠢᠩ᠂ ᠣᠶᠢᠷ᠎ᠠ ᠶᠢᠨ ᠵᠢᠯ ᠠᠴᠠ ᠨᠠᠭᠠᠰᠢ᠂ ᠳᠤᠮᠳᠠᠳᠤ ᠭᠷᠧᠨᠡᠳᠡ ᠶᠢᠨ ᠬᠠᠷᠢᠯᠴᠠᠭ᠎ᠠ ᠲᠣᠭᠲᠠᠭᠤᠨ ᠢᠶᠠᠷ | ᠬᠥᠭᠵᠢᠵᠦ᠂ ᠬᠤᠶᠠᠷ ᠲᠠᠯ᠎ᠠ ᠪᠠᠷ ᠢᠶᠠᠨ ᠬᠠᠷᠢᠯᠴᠠᠨ ᠭᠦᠨᠳᠦᠳᠭᠡᠵᠦ᠂ ᠡᠷᠬᠡ ᠲᠡᠭᠰᠢ ᠪᠠᠷ ᠬᠠᠨᠳᠤᠯᠴᠠᠵᠤ᠂ ᠤᠯᠤᠰ | ᠲᠦᠷᠦ ᠶᠢᠨ ᠢᠲᠡᠭᠡᠯᠴᠡᠭᠡ ᠲᠠᠰᠤᠷᠠᠯᠲᠠ ᠦᠭᠡᠢ ᠪᠠᠬᠢᠵᠢᠵᠦ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠶᠠᠯᠢᠭ ᠦᠷ᠎ᠡ ᠪᠦᠲᠦᠭᠡᠯ ᠣᠯᠵᠤ᠂ ᠠᠷᠠᠳ ᠲᠦᠮᠡᠨ ᠤ ᠬᠤᠭᠤᠷᠤᠨᠳᠤᠭᠢ ᠨᠥᠬᠦᠷᠯᠡᠯ ᠡᠳᠦᠷ | ᠢᠷᠡᠬᠦᠶ᠎ᠡ ᠭᠦᠨᠵᠡᠭᠡᠶᠢᠷᠡᠭᠰᠡᠨ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠭᠷᠧᠨᠡᠳᠡ ᠶᠢᠨ ᠬᠢᠨ ᠲᠠᠢ ᠬᠠᠮᠲᠤ ᠪᠠᠷ᠂ | ᠬᠤᠶᠠᠷ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠳᠤᠮᠳᠠᠳᠤ | ᠭᠷᠧᠨᠡᠳᠡ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ | ᠳᠤᠮᠳᠠᠳᠤ ᠭᠷᠧᠨᠡᠳᠡ ᠶᠢᠨ ᠬᠠᠷᠢᠯᠴᠠᠭ᠎ᠠ ᠶᠢ ᠬᠠᠮᠠᠭᠠᠯᠠᠨ ᠬᠥᠭᠵᠢᠭᠦᠯᠬᠦ ᠨᠢ ᠳᠤᠮᠳᠠᠳᠤ ᠭᠷᠧᠨᠡᠳᠡ ᠬᠤᠶᠠᠷ ᠤᠯᠤᠰ | ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠳᠤ ᠨᠡᠶᠢᠴᠡᠨ᠎ᠡ᠃ ᠬᠤᠶᠠᠷ | ᠲᠠᠯ᠎ᠠ ᠪᠠᠷ ᠢᠶᠠᠨ ᠬᠠᠷᠢᠯᠴᠠᠭ᠎ᠠ ᠪᠠᠨ ᠰᠡᠷᠭᠦᠭᠡᠭᠰᠡᠨ 20 ᠵᠢᠯ ᠤᠨ ᠲᠤᠷᠰᠢᠬᠢ ᠬᠤᠶᠠᠷ ᠤᠯᠤᠰ ᠤᠨ ᠬᠠᠷᠢᠯᠴᠠᠭ᠎ᠠ ᠶᠢᠨ | ᠬᠥᠭᠵᠢᠯᠲᠡ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠵᠦ᠂ ᠳᠤᠮᠳᠠᠳᠤ ᠭᠷᠧᠨᠡᠳᠡ ᠶᠢᠨ ᠬᠠᠷᠢᠯᠴᠠᠭ᠎ᠠ ᠶᠢᠨ ᠤᠷᠳᠤ | ᠬᠤᠭᠤᠴᠠᠭᠠᠨ ᠤ ᠥᠨᠳᠥᠷ ᠲᠦᠪᠰᠢᠨ ᠪᠦᠬᠦᠢ ᠬᠥᠭᠵᠢᠯᠲᠡ ᠳᠤ ᠰᠢᠨ᠎ᠡ ᠵᠢᠷᠤᠭ ᠲᠥᠰᠥᠪ ᠢ ᠵᠢᠷᠤᠭᠯᠠᠶ᠎ᠠ᠃ | ᠳᠤᠮᠳᠠᠳᠤ ᠤᠯᠤᠰ ᠭᠷᠧᠨᠡᠳᠡ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ | ᠵᠠᠮ ᠢᠶᠠᠨ ᠪᠡᠶ᠎ᠡ ᠪᠠᠨ ᠳᠠᠭᠠᠭᠠᠵᠤ ᠰᠦᠪᠡᠭᠴᠢᠯᠡᠬᠦ ᠶᠢ ᠲᠡᠮᠵᠢᠵᠥ᠂ ᠳᠤᠷᠠᠲᠠᠶ᠎ᠠ ᠭᠷᠧᠨᠡᠳᠡ ᠯᠤᠭ᠎ᠠ ᠲᠦᠷᠦ ᠶᠢ ᠵᠠᠰᠠᠵᠤ | ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠡᠯ᠎ᠡ ᠬᠦᠷᠢᠶᠡᠨ ᠳᠠᠬᠢ ᠨᠥᠭᠦᠷᠰᠡᠭ | ᠶᠠᠪᠤᠯᠴᠠᠭ᠎ᠠ ᠪᠠᠨ ᠨᠢᠭᠲᠠᠷᠠᠭᠤᠯᠤᠨ᠎ᠠ᠃ ᠳᠤᠮᠳᠠᠳᠤ ᠤᠯᠤᠰ ᠤᠨ ᠬᠥᠭᠵᠢᠯᠲᠡ ᠨᠢ ᠭᠷᠧᠨᠡᠳᠡ ᠶᠢ ᠪᠠᠭᠲᠠᠭᠠᠭᠰᠠᠨ ᠡᠯ᠎ᠡ | ᠤᠯᠤᠰ ᠲᠤ ᠰᠢᠨ᠎ᠡ ᠬᠥᠭᠵᠢᠯᠲᠡ ᠶᠢᠨ ᠠᠵᠠ ᠲᠣᠭᠢᠶᠠᠯ ᠠᠪᠴᠢᠷᠠᠵᠤ ᠥᠭᠬᠦ ᠪᠣᠯᠣᠨ᠎ᠠ᠂ ᠳᠤᠷᠠᠲᠠᠶ᠎ᠠ ᠬᠥᠭᠵᠢᠵᠦ | ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠭᠷᠧᠨᠡᠳᠡ ᠶᠢᠨ ᠠᠵᠤ ᠠᠬᠤᠢ | ᠨᠡᠶᠢᠭᠡᠮ ᠤᠨ ᠬᠥᠭᠵᠢᠯᠲᠡ ᠳᠤ ᠬᠠᠪᠰᠤᠷᠤᠯᠭ᠎ᠠ ᠬᠠᠩᠭᠠᠵᠤ᠂ ᠰᠢᠨ᠎ᠡ ᠡᠨᠧᠷᠭᠢ᠂ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠤ ᠬᠤᠶᠠᠷ ᠤᠯᠤᠰ ᠤᠨ | ᠬᠠᠮᠲᠤᠷᠠᠯᠴᠠᠭᠠᠨ ᠤ ᠰᠢᠨ᠎ᠡ ᠭᠢᠯᠠᠰ ᠴᠡᠭ ᠢ ᠪᠤᠢ ᠪᠣᠯᠭᠠᠨ᠎ᠠ᠃ ᠳᠤᠮᠳᠠᠳᠤ ᠤᠯᠤᠰ ᠭᠷᠧᠨᠡᠳᠡ ᠶᠢᠨ ᠬᠢᠨ ᠤ ᠠᠭᠤᠷ | ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ | ᠴᠢᠳᠠᠪᠤᠷᠢ ᠪᠠᠨ ᠳᠡᠭᠡᠭᠰᠢᠯᠡᠭᠦᠯᠭᠦ ᠶᠢ ᠲᠡᠮᠵᠢᠵᠥ᠂ ᠳᠤᠷᠠᠲᠠᠶ᠎ᠠ ᠳᠡᠯᠡᠬᠡᠢ ᠨᠡᠶᠢᠭᠡᠮ ᠤᠨ ᠬᠢᠨ ᠤ ᠵᠢᠵᠢᠭ ᠠᠷᠠᠯᠲᠤ | ᠤᠯᠤᠰ ᠤᠳ ᠤᠨ ᠠᠭᠤᠷ ᠠᠮᠢᠰᠬᠤᠯ ᠤᠨ ᠬᠤᠪᠢᠷᠠᠯᠲᠠ ᠶᠢᠨ ᠠᠰᠠᠭᠤᠳᠠᠯ ᠳᠡᠭᠡᠷᠡᠬᠢ ᠠᠩᠬᠠᠷᠤᠯ ᠪᠠ ᠬᠦᠰᠡᠯ | ᠱᠠᠭᠠᠷᠳᠠᠯᠭ᠎ᠠ ᠶᠢ ᠦᠷᠭᠦᠯᠵᠢᠯᠡᠨ ᠴᠢᠬᠤᠯᠠᠴᠢᠯᠠᠨ ᠦᠵᠡᠬᠦ ᠶᠢ ᠠᠬᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠰᠠ | ᠬᠥᠮᠥᠰ ᠤᠨ ᠶᠠᠪᠤᠯᠴᠠᠭ᠎ᠠ ᠪᠠᠨ ᠨᠢᠭᠲᠠᠷᠠᠭᠤᠯᠵᠤ᠂ ᠰᠣᠶᠣᠯ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ | ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ | ᠤᠯᠠᠮ ᠨᠢᠭᠡ ᠠᠯᠬᠤᠮ ᠠᠬᠢᠭᠤᠯᠤᠶ᠎ᠠ᠃ ᠳᠤᠮᠳᠠᠳᠤ ᠤᠯᠤᠰ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ | ᠲᠦᠢᠯᠵᠢᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ | ᠳᠤᠷᠠᠲᠠᠶ᠎ᠠ ᠭᠷᠧᠨᠡᠳᠡ ᠶᠢᠨ ᠬᠢᠨ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ | ᠨᠠᠶᠢᠳᠠᠪᠤᠷᠢᠵᠢᠭᠤᠯᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ | ᠠᠬᠢᠭᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠺᠠᠷᠢᠪᠧ ᠶᠢᠨ ᠤᠯᠤᠰ ᠤᠳ ᠯᠤᠭ᠎ᠠ ᠶᠢᠨ ᠬᠠᠷᠢᠯᠴᠠᠭ᠎ᠠ ᠶᠢ ᠢᠮᠠᠭᠲᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠦᠷᠭᠦᠯᠵᠢᠯᠡᠨ ᠲᠤᠰ ᠭᠠᠵᠠᠷ ᠣᠷᠣᠨ ᠤ ᠤᠯᠤᠰ ᠤᠳ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠬᠠᠩᠭᠠᠵᠤ᠂ ᠬᠤᠶᠠᠷ | ᠲᠠᠯ᠎ᠠ ᠶᠢᠨ ᠪᠦᠭᠦ ᠲᠠᠯ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ | ᠵᠢᠭᠠᠵᠤ ᠭᠠᠷᠭᠠᠪᠠ᠃ | ᠮᠢᠴᠧᠯ ᠨᠢᠳᠤᠨᠤᠨ ᠤ 7 ᠰᠠᠷ᠎ᠠ ᠳᠤ ᠭᠷᠧᠨᠡᠳᠡ ᠣᠨᠴᠠ ᠶᠡᠭᠡ ᠬᠠᠷ᠎ᠠ ᠰᠠᠯᠬᠢᠨ ᠳᠤ ᠳᠠᠭᠠᠷᠢᠬᠳᠠᠬᠰᠠᠨ ᠤ ᠳᠠᠷᠠᠭ᠎ᠠ | ᠳᠤᠮᠳᠠᠳᠤ ᠤᠯᠤᠰ ᠤᠨ ᠬᠢᠨ ᠴᠠᠭ ᠲᠤᠬᠠᠢ ᠳᠤᠨᠢ ᠲᠤᠰᠠᠯᠠᠮᠵᠢ ᠦᠵᠡᠭᠦᠯᠦᠭᠰᠡᠨ ᠳᠤ ᠲᠠᠯᠠᠷᠬᠠᠪᠠ᠃ ᠮᠢᠴᠧᠯ᠂ | ᠥᠩᠭᠡᠷᠡᠭᠰᠡᠨ 20 ᠵᠢᠯ ᠤᠨ ᠲᠤᠷᠰᠢ ᠭᠷᠧᠨᠡᠳᠡ ᠳᠤᠮᠳᠠᠳᠤ ᠶᠢᠨ ᠬᠠᠷᠢᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ | ᠭᠷᠧᠨᠡᠳᠡ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠵᠢᠷᠤᠮᠯᠠᠵᠤ᠂ ᠳᠤᠮᠳᠠᠳᠤ ᠤᠯᠤᠰ ᠤᠨ | ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠡᠷᠡᠰ ᠬᠦᠨᠳᠦᠳᠬᠡᠨ᠎ᠡ᠃ ᠭᠷᠧᠨᠡᠳᠡ ᠶᠢᠨ | ᠲᠠᠯ᠎ᠠ ᠭᠷᠧᠨᠡᠳᠡ ᠳᠤᠮᠳᠠᠳᠤ ᠶᠢᠨ ᠬᠠᠷᠢᠯᠴᠠᠭ᠎ᠠ ᠠᠴᠠ ᠮᠠᠰᠢ ᠤᠯᠠᠠ ᠠᠰᠢᠭ ᠬᠦᠷᠲᠡᠵᠡᠢ᠂ ᠳᠤᠮᠳᠠᠳᠤ | ᠤᠯᠤᠰ ᠯᠤᠭ᠎ᠠ ᠶᠢᠨ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠬᠤ ᠶᠢ ᠬᠦᠰᠡᠵᠦ ᠪᠠᠶᠢᠨ᠎ᠠ᠃ ᠳᠤᠮᠳᠠᠳᠤ | ᠤᠯᠤᠰ ᠤᠨ ᠡᠪ ᠬᠠᠮᠲᠤ ᠨᠠᠮ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ | ᠪᠠᠷᠢᠮᠲᠠᠯᠠᠵᠤ᠂ ᠳᠤᠮᠳᠠᠳᠤ ᠤᠯᠤᠰ ᠢ ᠤᠳᠤᠷᠢᠳᠤᠨ ᠠᠭᠤᠤ ᠶᠡᠭᠡ ᠬᠥᠭᠵᠢᠯᠲᠡ ᠶᠢᠨ ᠠᠮᠵᠢᠯᠲᠠ ᠪᠦᠲᠦᠮᠵᠢ ᠣᠯᠵᠤ᠂ | ᠬᠥᠭᠵᠢᠵᠦ ᠪᠠᠶᠢᠭ᠎ᠠ ᠤᠯᠤᠰ ᠲᠤ ᠬᠡᠪ ᠳᠠᠭᠤᠷᠢᠶᠠᠯ ᠦᠵᠡᠭᠦᠯᠪᠡ᠂ ᠭᠷᠧᠨᠡᠳᠡ ᠶᠢᠨ ᠬᠢᠨ ᠳᠤᠷᠠᠲᠠᠶ᠎ᠠ ᠳᠤᠮᠳᠠᠳᠤ | ᠤᠯᠤᠰ ᠠᠴᠠ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢ ᠰᠤᠷᠤᠯᠴᠠᠨ᠎ᠠ᠃ ᠳᠤᠮᠳᠠᠳᠤ ᠤᠯᠤᠰ ᠪᠣᠯ | ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠳᠠᠭᠠᠭᠤᠯᠤᠭᠴᠢ ᠮᠥᠨ᠂ ᠢᠮᠠᠭᠲᠠ ᠶᠡᠭᠡ ᠪᠠᠭ᠎ᠠ | ᠤᠯᠤᠰ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠤᠨ ᠡᠷᠬᠡ ᠮᠡᠳᠡᠯ ᠪᠣᠯᠣᠨ ᠨᠤᠲᠤᠭ | ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ᠂ ᠤᠯᠠᠨ ᠤᠯᠤᠰ ᠤᠨ ᠬᠡᠷᠡᠭ ᠶᠠᠪᠤᠳᠠᠯ ᠳᠤᠮᠳᠠ ᠦᠭᠡ | ᠶᠠᠷᠢᠶ᠎ᠠ ᠦᠢᠯᠡ ᠠᠵᠢᠯᠯᠠᠭ᠎ᠠ ᠨᠢᠭᠡᠳᠦᠯᠲᠡᠢ ᠪᠠᠶᠢᠵᠤ᠂ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ | ᠪᠠᠶᠢᠨ᠎ᠠ᠃ ᠭᠷᠧᠨᠡᠳᠡ ᠶᠢᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠡᠷᠡᠰ ᠢᠶᠠᠷ ᠬᠠᠮᠲᠤ ᠵᠣᠭᠰᠣᠵᠤ᠂ ᠭᠤᠷᠪᠠᠨ | ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠡᠯᠡᠬᠡᠢ ᠶᠢᠨ ᠡᠩᠬᠡ ᠲᠠᠶᠢᠪᠤᠩ | ᠲᠣᠭᠲᠠᠭᠤᠨ ᠢ ᠬᠠᠮᠠᠭᠠᠯᠠᠨ᠎ᠠ ᠭᠡᠵᠦ ᠢᠯᠡᠳᠬᠡᠪᠡ᠃ ᠸᠠᠩ ᠢ ᠠᠭᠤᠯᠵᠠᠯᠲᠠ ᠳᠤ ᠣᠷᠣᠯᠴᠠᠵᠠᠢ᠃ | |