| ︵2025 ᠣᠨ ᠤ 1 ᠰᠠᠷ᠎ᠠ ᠶᠢᠨ 1 ᠤ ᠡᠳᠦᠷ︶ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠡᠶᠡᠯᠡᠭᠦᠯᠬᠦ ᠳᠤ ᠡᠷᠬᠡᠪᠰᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠣᠳᠣᠬᠠᠨ ᠳᠤ᠂ ᠬᠦᠳᠡᠭᠡ ᠠᠵᠤ ᠠᠬᠤᠢ ᠳᠠᠬᠢᠨᠲᠠ | ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ ᠡᠶ᠎ᠡ ᠵᠤᠬᠢᠴᠠᠩᠭᠤᠢ ᠲᠣᠭᠲᠠᠭᠤᠨ ᠪᠠᠶᠢᠬᠤ ᠶᠢᠨ ᠵᠡᠷᠭᠡ ᠳᠤ | ᠤᠯᠠᠨ ᠤᠯᠤᠰ ᠤᠨ ᠣᠷᠴᠢᠨ ᠳᠤᠭᠤᠷᠢᠨ ᠲᠦᠪᠡᠭ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠮᠠᠨ ᠤ | ᠤᠯᠤᠰ ᠤᠨ ᠬᠥᠭᠵᠢᠯᠲᠡ ᠳᠤ ᠲᠤᠯᠭᠠᠷᠠᠬᠤ ᠲᠣᠭᠲᠠᠭᠠᠯᠲᠤ ᠪᠤᠰᠤ ᠪᠠ ᠲᠥᠰᠦᠭᠡᠯᠡᠬᠦᠶ᠎ᠡ ᠪᠡᠷᠬᠡ ᠬᠦᠴᠦᠨ ᠵᠦᠢᠯ | ᠨᠡᠮᠡᠭᠳᠡᠵᠦ ᠪᠠᠶᠢᠨ᠎ᠠ᠃ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠲᠤᠳᠤᠮ ︽ᠬᠥᠳᠡᠭᠡ ᠠᠵᠤ ᠠᠬᠤᠢ | ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠠᠭᠤᠷᠢ ᠶᠢ ᠤᠯᠠᠮ ᠪᠠᠬᠢᠵᠢᠭᠦᠯᠬᠦ ᠬᠡᠷᠡᠭᠲᠡᠢ᠃ 2025 ᠣᠨ | ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ | ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠦᠳᠡᠭᠡ ᠠᠵᠤ ᠠᠬᠤᠢ ᠬᠥᠳᠡᠭᠡ | ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠳᠠᠯᠠᠵᠤ᠂ ᠬᠥᠳᠡᠭᠡ | ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠦᠳᠡᠭᠡ ᠠᠵᠤ ᠠᠬᠤᠢ ᠶᠢᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠬᠠᠷᠠᠯᠲᠠ ᠶᠢ ᠵᠤᠷᠢᠨ᠂ ᠥᠭᠡᠷᠡᠴᠢᠯᠡᠯᠲᠡ ᠨᠡᠭᠡᠭᠡᠯᠲᠡ ᠪᠠ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠥᠳᠡᠭᠡ ᠲᠣᠰᠬᠤᠨ ᠤ ᠦᠨᠳᠦᠰᠦᠨ | ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ︽ᠮᠢᠩᠭᠠᠨ ᠲᠤᠰᠬᠤᠨ ᠢᠶᠠᠷ ᠵᠢᠱᠢᠶ᠎ᠡ | ᠦᠵᠡᠭᠦᠯᠵᠦ ᠲᠦᠮᠡᠨ ᠲᠤᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ | ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠶ ᠳᠠᠬᠢᠨ | ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ | ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ | ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ | ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠶ᠃ | ᠨᠢᠭᠡ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠦᠨ᠎ᠡ | ︵ᠨᠢᠭᠡ︶ ᠠᠮᠤ ᠪᠤᠳᠠᠭ᠎ᠠ ᠲᠣᠰᠣᠨ ᠤ ᠲᠠᠷᠢᠮᠠᠯ ᠤᠨ ᠶᠡᠭᠡ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ | ᠨᠢᠭᠡᠴᠢ ᠶᠢᠨ ᠤᠨᠠᠯᠲᠠ ᠪᠣᠯᠤᠨ ᠶᠠᠰᠤ ᠴᠢᠨᠠᠷ ᠢ ᠭᠤᠤᠯᠯᠠᠨ ᠳᠡᠭᠡᠭᠰᠢᠯᠡᠭᠦᠯᠵᠦ᠂ ᠠᠮᠤ ᠪᠤᠳᠠᠭᠠᠨ ᠤ ᠲᠣᠭᠲᠠᠭᠤᠨ | ᠤᠨᠠᠯᠲᠠ ᠡᠯᠪᠡᠭ ᠬᠤᠷᠢᠶᠠᠯᠲᠠ ᠶᠢ ᠪᠠᠲᠤᠯᠠᠨ᠎ᠠ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠳᠠ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠵᠦ᠂ ᠥᠨᠳᠥᠷ | ᠤᠨᠠᠯᠲᠠ ᠥᠨᠳᠥᠷ ᠦᠷ᠎ᠡ ᠠᠰᠢᠭᠲᠤ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠤᠰᠤ | ᠪᠣᠷᠳᠣᠭᠤᠷ ᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠶᠡᠭᠡ ᠲᠠᠯᠠᠪᠠᠢ ᠪᠠᠷ ᠤᠨᠠᠯᠲᠠ ᠨᠡᠮᠡᠭᠳᠡᠭᠦᠯᠬᠦ ᠶᠢ | ᠠᠬᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ | ᠴᠢᠳᠠᠪᠤᠷᠢ ᠶᠢ ᠳᠡᠭᠡᠭᠰᠢᠯᠡᠭᠦᠯᠬᠦ ᠡᠭᠦᠷᠭᠡ ᠶᠢ ᠬᠦᠴᠦᠯᠡᠨ ᠨᠠᠶᠢᠳᠠᠪᠤᠷᠢᠵᠢᠭᠤᠯᠤᠨ᠎ᠠ᠃ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠰᠢᠷ᠎ᠠ ᠪᠤᠷᠴᠠᠭ ᠢ ᠥᠷᠭᠡᠳᠭᠡᠨ ᠲᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠰᠢᠯᠢᠮᠳᠡᠭ᠂ ᠯᠣᠬᠠᠱᠧᠩ ᠢ ᠥᠷᠭᠡᠳᠭᠡᠨ ᠲᠠᠷᠢᠬᠤ ᠳᠠᠯᠳᠠ ᠬᠦᠴᠦᠨ ᠢ ᠠᠭᠤᠳᠠᠯᠤᠨ᠂ ᠲᠣᠰᠣᠨ ᠴᠠᠢ ᠵᠡᠷᠭᠡ | ᠮᠣᠳᠣᠯᠢᠭ ᠲᠣᠰᠣᠨ ᠤ ᠮᠠᠲ᠋ᠧᠷᠢᠶᠠᠯ ᠢ ᠬᠥᠭᠵᠢᠭᠦᠯᠬᠦ ᠶᠢ ᠳᠠᠮᠵᠢᠨ᠎ᠠ᠃ ᠬᠥᠪᠥᠩ᠂ ᠰᠢᠬᠢᠷᠯᠢᠭ ᠮᠠᠲ᠋ᠧᠷᠢᠶᠠᠯ᠂ | ᠪᠠᠶᠢᠭᠠᠯᠢᠯᠢᠭ ᠭᠤᠮ ᠵᠡᠷᠭᠡ ᠶᠢᠨ ᠲᠣᠭᠲᠠᠭᠤᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ | ︵ᠬᠤᠶᠠᠷ︶ ᠮᠠᠯ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠲᠡᠳᠬᠦᠨ᠎ᠡ᠃ ᠭᠠᠭ᠋ᠠᠢ ᠲᠡᠵᠢᠭᠡᠬᠦ | ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠬᠦ ᠪᠠ ᠲᠤᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ᠂ | ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠠᠯᠠᠰᠢᠨ ᠦᠬᠡᠷ᠂ ᠰᠠᠭᠠᠯᠢ ᠶᠢᠨ ᠦᠨᠢᠶᠡᠨ ᠤ ᠠᠵᠤ ᠦᠢᠯᠡᠰ ᠤᠨ | ᠬᠦᠴᠢᠷᠳᠡᠯ ᠠᠴᠠ ᠮᠤᠯᠳᠤᠷᠠᠬᠤ ᠶᠢ ᠠᠬᠢᠭᠤᠯᠵᠤ᠂ ᠰᠠᠭᠤᠷᠢ ᠦᠢᠯᠡᠳᠪᠦᠷᠢᠯᠡᠬᠦ ᠴᠢᠳᠠᠪᠤᠷᠢ ᠶᠢ ᠲᠣᠭᠲᠠᠪᠤᠷᠢᠵᠢᠭᠤᠯᠤᠨ᠎ᠠ | ᠃ ᠪᠠᠺᠲ᠋ᠧᠷᠢ ᠤᠰᠠᠳᠬᠠᠭᠰᠠᠨ ᠰᠦ ᠶᠢᠨ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠡᠷ ᠪᠦᠯᠢ ᠶᠢᠨ | ᠲᠠᠷᠢᠶᠠᠯᠠᠩ ᠤᠨ ᠲᠠᠯᠠᠪᠠᠶ ᠪᠠ ᠲᠠᠷᠢᠶᠠᠴᠢᠳ ᠤᠨ ᠬᠤᠷᠰᠢᠶ᠎ᠠ ᠪᠠᠷ ᠭᠤᠤᠯ ᠴᠣᠭᠴᠠ ᠪᠣᠯᠭᠠᠭᠰᠠᠨ ᠰᠦ ᠶᠢᠨ | ᠦᠢᠯᠡᠰ ᠤᠨ ᠲᠡᠵᠢᠭᠡᠨ ᠦᠷᠡᠵᠢᠭᠦᠯᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃ | ᠭᠠᠭ᠋ᠠᠶ ᠨᠢᠲᠤᠯᠬᠤ ᠳᠤ ᠬᠢᠵᠢᠭ ᠪᠠᠶᠢᠴᠠᠭᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠳᠠᠯᠠᠵᠤ᠂ | ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠪᠣᠯᠤᠨ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠡᠪᠡᠰᠦ ᠪᠣᠷᠳᠤᠭ᠎ᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ | ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠲᠦᠷᠭᠡᠳᠭᠡᠨ᠎ᠡ᠃ | ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠨ᠎ᠠ᠃ | ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠪᠠ ︽ᠨᠥᠬᠦᠪᠥᠷᠢᠯᠡᠬᠦ ᠪᠠᠷ ᠡᠵᠡᠯᠡᠬᠦ ᠶᠢ | ᠲᠤᠬᠳᠠᠭᠠᠬᠤ︾ ᠶᠢ ᠴᠢᠩᠳᠠᠯᠠᠵᠤ᠂ ᠡᠯ᠎ᠡ ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠵᠤ᠂ ᠮᠤᠵᠢ ᠶᠢᠨ | ᠬᠡᠪᠴᠢᠶᠡᠨ ᠳᠠᠬᠢ ᠣᠨ ᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢᠨ ᠬᠥᠳᠡᠯᠦᠩᠭᠦᠶ ᠲᠡᠩᠴᠡᠭᠦᠷᠢ ᠶᠢ ᠦᠨᠡᠨ ᠬᠦ | ᠪᠠᠲᠤᠯᠠᠨ᠎ᠠ᠃ ᠨᠥᠬᠦᠪᠥᠷᠢᠯᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠪᠠ ᠰᠢᠯᠭᠠᠨ ᠠᠪᠬᠤ | ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ︽ᠲᠠᠷᠢᠶᠠᠨ ᠭᠠᠵᠠᠷ ᠢ ᠨᠡᠷ᠎ᠠ ᠪᠤᠷᠤᠭᠤᠯᠠᠵᠤ ᠡᠵᠡᠯᠡᠭᠰᠡᠨ ᠬᠠᠤᠯᠢ ᠪᠤᠰᠤ | ᠪᠠᠷᠢᠯᠭ᠎ᠠ︾ ᠶᠢᠨ ᠪᠥᠲᠥᠭᠡᠨ ᠪᠠᠶᠢᠭᠤᠯᠤᠯᠲᠠ᠂ ᠲᠠᠷᠢᠶᠠᠨ ᠭᠠᠵᠠᠷ ᠢ ᠡᠵᠡᠯᠡᠨ ︽ᠨᠠᠭᠤᠷ ᠮᠠᠯᠲᠠᠵᠤ ᠦᠵᠡᠮᠵᠢ | ᠪᠦᠲᠦᠭᠡᠬᠦ︾᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠵᠡᠷᠭᠡ ᠠᠰᠠᠭᠤᠳᠠᠯ ᠢ | ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ | ᠡᠷᠡᠰ ᠬᠤᠷᠢᠭᠯᠠᠨ᠎ᠠ᠃ ᠦᠨᠳᠦᠰᠦᠨ ᠲᠠᠷᠢᠮᠠᠯ ᠤᠨ ᠵᠦᠢᠯ ᠤᠨ ᠭᠠᠷᠴᠠᠭ ᠢ ᠲᠣᠭᠲᠠᠭᠠᠵᠤ᠂ ᠲᠠᠷᠢᠶᠠᠨ ᠭᠠᠵᠠᠷ ᠤᠨ | ᠲᠠᠷᠢᠮᠠᠯ ᠤᠨ ᠬᠡᠷᠡᠭᠴᠡᠭᠡ ᠶᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠲᠠᠷᠢᠶᠠᠨ ᠭᠠᠵᠠᠷ ᠢ ︽ᠠᠮᠤ ᠪᠤᠳᠠᠭᠠᠨ ᠤ | ᠪᠤᠰᠤ ᠭᠠᠵᠠᠷ ᠪᠣᠯᠭᠠᠬᠤ︾ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠷᠥᠯ ᠬᠤᠪᠢᠶᠠᠨ ᠡᠮᠬᠢ ᠵᠢᠷᠤᠮ ᠲᠠᠢ | ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ᠂ ᠲᠠᠷᠢᠮᠠᠯ ᠤᠨ ᠤᠷᠭᠤᠯᠲᠠ ᠶᠢᠨ | ᠦᠶᠡᠯᠡᠯ ᠤᠨ ᠬᠤᠭᠤᠴᠠᠭ᠎ᠠ ᠵᠡᠷᠭᠡ ᠲᠠᠢ ᠤᠶᠠᠯᠳᠤᠭᠤᠯᠤᠨ ᠴᠢᠬᠤᠯᠠ ᠪᠥᠬᠦᠶ ᠰᠢᠯᠵᠢᠯᠲᠡ ᠶᠢᠨ ᠬᠤᠭᠤᠴᠠᠭ᠎ᠠ ᠶᠢ | ᠲᠣᠭᠲᠠᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ | ᠠᠬᠢᠭᠤᠯᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠰᠢᠯᠢᠳᠡᠭᠵᠢᠭᠦᠯᠦᠨ᠂ ᠲᠠᠷᠢᠶᠠᠴᠢᠳ ᠤᠨ ᠲᠥᠷᠥᠯ | ᠵᠦᠢᠯ ᠤᠨ ᠬᠡᠷᠡᠭᠵᠢᠭᠦᠯᠦᠯᠲᠡ ᠳᠤ ᠪᠥᠬᠦ ᠶᠠᠪᠤᠴᠠ ᠪᠠᠷ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ | ᠢᠨᠵᠧᠨᠧᠷᠢᠩ ᠤᠨ ᠶᠠᠰᠤ ᠴᠢᠨᠠᠷ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠵᠡᠭᠦᠨ | ᠬᠤᠶᠢᠲᠤ ᠣᠷᠣᠨ ᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ᠂ ᠡᠮᠦᠨᠡᠲᠦ ᠣᠷᠣᠨ ᠤ ᠬᠦᠴᠢᠯᠰᠢᠨ | ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠴᠢᠩᠭᠠᠳᠬᠠᠨ᠎ᠠ᠃ ᠠᠲᠠᠷᠰᠢᠭᠤᠯᠤᠭᠰᠠᠨ ᠭᠠᠵᠠᠷ ᠢ ᠳᠠᠬᠢᠨ | ᠬᠠᠭᠠᠯᠪᠤᠷᠢᠯᠠᠵᠤ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠤᠨ᠎ᠠ᠃ ᠮᠤᠵᠢ ᠶᠢᠨ ᠬᠡᠪᠴᠢᠶᠡᠨ ᠳᠣᠲᠣᠷᠠᠬᠢ | ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ | ᠳᠤᠤᠷ᠎ᠠ᠂ ᠭᠤᠤᠯ ᠤᠨ ᠵᠠᠮ ᠳᠠᠬᠢ ᠦᠶᠡᠷ ᠶᠠᠪᠤᠭᠤᠯᠬᠤ ᠠᠮᠤᠷ ᠲᠦᠪᠰᠢᠨ ᠢ ᠨᠥᠯᠥᠭᠡᠯᠡᠬᠦ ᠵᠡᠷᠭᠡ ᠲᠣᠭᠲᠠᠭᠤᠨ ᠪᠤᠰᠤ | ᠲᠠᠷᠢᠶᠠᠨ ᠭᠠᠵᠠᠷ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠪᠤᠴᠠᠭᠠᠨ᠎ᠠ᠃ ᠤᠯᠠᠮᠵᠢᠯᠠᠯᠲᠤ ᠱᠠᠲᠤᠨ ᠲᠠᠷᠢᠶᠠᠨ ᠤ | ᠬᠠᠮᠠᠭᠠᠯᠠᠯᠲᠠ ᠶᠢ ᠴᠢᠩᠭᠠᠳᠬᠠᠨ᠎ᠠ᠃ | ︵ᠳᠥᠷᠪᠡ︶ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ | ᠬᠠᠮᠵᠢᠯᠴᠠᠨ ᠪᠣᠭᠤᠮᠲᠠ ᠰᠢᠪᠲᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠪᠠᠷ ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠴᠤᠭᠯᠠᠷᠠᠯ ᠢ ᠬᠥᠳᠤᠯᠤᠨ ᠳᠠᠭᠠᠭᠤᠯᠵᠤ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠦᠳᠡᠭᠡ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠦᠨ᠎ᠡ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠭᠡᠵᠦ᠂ | ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠬᠦᠴᠦᠨ ᠤ ᠨᠢᠭᠡᠳᠦᠯᠲᠡᠢ | ᠲᠥᠯᠥᠪᠵᠢᠭᠦᠯᠭᠡ ᠶᠢ ᠴᠢᠩᠭᠠᠳᠬᠠᠵᠤ᠂ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠨᠠᠨ ᠹᠠᠨ ᠤ ᠴᠠᠬᠢᠭᠤᠷ ᠤᠨ ᠬᠥᠨᠳᠡᠶ︾ ᠵᠡᠷᠭᠡ ᠴᠢᠬᠤᠯᠠ ᠶᠡᠭᠡ | ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ | ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠶ ᠦᠷ᠎ᠡ ᠡᠭᠦᠯᠳᠡᠷ ᠤᠨ ᠰᠢᠪᠲᠤᠯᠤᠯᠲᠠ ᠶᠢ ᠲᠦᠷᠭᠡᠳᠭᠡᠨ᠎ᠡ᠃ ᠠᠮᠢᠳᠤ | ᠪᠣᠳᠠᠰ ᠤᠨ ᠦᠷ᠎ᠡ ᠡᠭᠦᠯᠳᠡᠷ ᠪᠤᠶᠢᠵᠢᠭᠤᠯᠬᠤ ᠠᠵᠤ ᠦᠢᠯᠡᠰᠵᠢᠯᠲᠡ ᠶᠢ ᠦᠷᠭᠦᠯᠵᠢᠯᠡᠨ ᠠᠬᠢᠭᠤᠯᠤᠨ᠎ᠠ᠃ | ᠲᠠᠷᠢᠶᠠᠯᠠᠩ ᠤᠨ ᠮᠠᠰᠢᠨ ᠲᠣᠨᠣᠭᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠲᠠᠭᠠᠨ | ᠦᠢᠯᠡᠳᠪᠦᠷᠢᠯᠡᠭᠰᠡᠨ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠮᠠᠰᠢᠨ ᠲᠣᠨᠣᠭᠯᠠᠯ ᠵᠡᠷᠭᠡ ᠶᠢ ᠰᠤᠳᠤᠯᠤᠨ ᠨᠡᠭᠡᠭᠡᠵᠦ | ᠬᠡᠷᠡᠭᠯᠡᠬᠦ ᠶᠢ ᠲᠦᠷᠭᠡᠳᠭᠡᠵᠦ᠂ ᠬᠠᠭᠤᠴᠢᠷᠠᠭᠰᠠᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ | ᠰᠢᠨᠡᠳᠭᠡᠬᠦ ᠶᠢ ᠠᠬᠢᠭᠤᠯᠤᠨ᠎ᠠ᠃ ᠣᠶᠤᠨᠴᠢ ᠲᠠᠷᠢᠶᠠᠯᠠᠩ ᠢ ᠳᠡᠮᠵᠢᠨ ᠬᠥᠭᠵᠢᠭᠦᠯᠵᠦ᠂ ᠵᠣᠬᠢᠶᠠᠮᠠᠯ ᠣᠶᠤᠨ ᠴᠢᠳᠠᠪᠤᠷᠢ᠂ | ᠳ᠋ᠡᠶᠢᠲ᠋ᠠ᠂ ᠲᠤᠤᠷ᠎ᠠ ᠣᠭᠲᠠᠷᠭᠤᠶ ᠵᠡᠷᠭᠡ ᠮᠡᠷᠭᠡᠵᠢᠯ ᠤᠨ ᠬᠡᠷᠡᠭᠯᠡᠭᠡᠨ ᠤ ᠪᠠᠶᠢᠳᠠᠯ ᠢ ᠥᠷᠭᠡᠳᠭᠡᠨ᠎ᠡ᠃ | ︵ᠲᠠᠪᠤ︶ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠲᠠᠷᠢᠶᠠᠯᠠᠩ ᠳᠤ ᠦᠢᠯᠡᠴᠢᠯᠡᠬᠦ ᠶᠢ ᠴᠢᠩᠭᠠᠳᠬᠠᠨ᠂ | ᠭᠠᠮᠰᠢᠭ ᠤᠨ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠦᠨ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ | ᠣᠷᠣᠨ ᠪᠦᠰᠡ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠵᠡᠷᠭᠡ ᠬᠦᠴᠦᠨ ᠢ ᠰᠠᠶᠢᠲᠤᠷ | ᠬᠡᠷᠡᠭᠯᠡᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠣᠳᠣᠬᠢᠴᠢᠯᠠᠭᠰᠠᠨ ᠦᠶᠡᠷ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠪᠠᠶᠢᠭᠤᠯᠵᠤ᠂ ᠠᠶᠤᠯ ᠭᠡᠮ ᠲᠠᠢ ᠤᠰᠤᠨ ᠴᠥᠭᠦᠷᠥᠮ ᠤᠨ | ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠳᠤᠮᠳᠠ ᠵᠢᠵᠢᠭ ᠭᠤᠣᠯ ᠮᠥᠷᠡᠨ ᠢ | ᠵᠠᠰᠠᠬᠤ ᠪᠠ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ | ᠥᠭᠡᠷᠡᠴᠢᠯᠡᠯᠲᠡ ᠶᠢ ᠴᠢᠩᠭᠠᠳᠬᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠵᠠᠩᠭᠢᠯᠠᠭ᠎ᠠ ᠶᠢᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ | ᠠᠬᠢᠭᠤᠯᠤᠨ᠎ᠠ᠃ ᠲᠠᠯ᠎ᠠ ᠭᠠᠵᠠᠷ ᠤᠨ ᠤᠰᠤᠲᠤᠯ ᠤᠨ ᠣᠷᠣᠨ ᠤ ᠵᠠᠰᠠᠯᠲᠠ ᠶᠢ ᠴᠢᠩᠭᠠᠳᠬᠠᠵᠤ᠂ ᠲᠠᠷᠢᠶᠠᠨ | ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠭᠤᠤ ᠰᠤᠪᠠᠭ ᠤᠨ | ᠵᠠᠰᠠᠯᠲᠠ ᠶᠢ ᠠᠬᠢᠭᠤᠯᠵᠤ᠂ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠵᠢᠴᠢ ᠤᠰᠤᠯᠠᠬᠤ ᠪᠠ ᠤᠰᠤ ᠵᠠᠯᠠᠬᠤ | ᠲᠥᠬᠦᠭᠡᠷᠦᠮᠵᠢ ᠶᠢ ᠲᠦᠷᠭᠡᠪᠴᠢᠯᠡᠨ ᠵᠠᠰᠠᠨ ᠰᠡᠷᠭᠦᠭᠡᠨ᠎ᠡ᠃ ᠲᠠᠷᠢᠶᠠᠨ ᠭᠠᠵᠠᠷ ᠤᠨ ᠬᠠᠯᠬᠠᠪᠴᠢ ᠤᠢ ᠶᠢᠨ ᠪᠦᠳᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠪᠠ ᠨᠢᠭᠡᠳᠦᠯᠲᠡᠶ ᠰᠡᠷᠭᠡᠶᠢᠯᠡᠨ ᠨᠢᠭᠡᠳᠦᠯᠲᠡᠶ ᠵᠠᠰᠠᠬᠤ ᠠᠵᠢᠯ ᠢ ᠰᠠᠶᠢᠲᠤᠷ ᠬᠢᠨ᠎ᠡ᠃ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ︵ | ᠵᠢᠷᠭᠤᠭ᠎ᠠ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ | ᠪᠦᠷᠢᠨᠰᠢᠭᠦᠯᠦᠨ᠎ᠡ᠃ ᠲᠤᠲᠤᠷᠭ᠎ᠠ᠂ ᠪᠣᠭᠤᠳᠠᠶ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠤᠨ ᠨᠥᠬᠦᠪᠥᠷᠢ᠂ | ᠲᠤᠲᠤᠷᠭ᠎ᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠰᠢᠮ᠎ᠡ | ᠬᠦᠴᠦ ᠶᠢ ᠬᠠᠮᠠᠭᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ | ᠭᠠᠷᠤᠯᠲᠠ ᠶᠡᠬᠡᠲᠡᠶ ᠰᠢᠶᠠᠨ ᠤ ᠲᠠᠷᠢᠶᠠᠯᠠᠩ ᠤᠨ ᠳᠠᠭᠠᠳᠬᠠᠯ ᠤᠨ ᠰᠢᠶᠠᠨ ᠤ ᠱᠠᠲᠤᠨ ᠤ ᠳᠠᠭᠠᠳᠬᠠᠯ ᠤᠨ ᠵᠠᠷᠤᠳᠠᠯ ᠳᠤ | ᠨᠥᠬᠦᠪᠥᠷᠢ ᠥᠭᠬᠦ ᠶᠢ ᠳᠠᠭᠠᠭᠠᠴᠢᠯᠠᠬᠤ ᠬᠠᠷᠢᠴᠠᠯ ᠢ ᠪᠠᠭᠤᠷᠠᠭᠤᠯᠵᠤ᠂ ᠲᠤᠲᠤᠷᠭ᠎ᠠ᠂ ᠪᠣᠭᠤᠳᠠᠶ᠂ ᠡᠷᠳᠡᠨᠢ ᠰᠢᠰᠢ᠂ | ᠰᠢᠷ᠎ᠠ ᠪᠤᠷᠴᠠᠭ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ | ᠳᠠᠭᠠᠳᠬᠠᠯ ᠤᠨ ᠳᠠᠭᠠᠳᠬᠠᠭᠤᠯᠬᠤ ᠲᠠᠯᠠᠪᠠᠶ ᠶᠢ ᠥᠷᠭᠡᠳᠭᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ | ᠠᠮᠤ ᠪᠤᠳᠠᠭ᠎ᠠ ᠲᠣᠰᠣᠨ ᠤ ᠲᠠᠷᠢᠮᠠᠯ ᠲᠠᠷᠢᠬᠤ ᠲᠤᠰᠬᠠᠢ ᠵᠦᠢᠯ ᠤᠨ ᠵᠢᠭᠡᠯᠡᠯᠭᠡ ᠳᠤ ᠲᠡᠮ ᠬᠦᠦ ᠥᠭᠬᠦ | ᠲᠤᠷᠰᠢᠯᠲᠠ ᠶᠢᠨ ᠴᠡᠭ ᠥᠷᠨᠢᠭᠦᠯᠬᠦ ᠶᠢ ᠵᠣᠷᠢᠭᠵᠢᠭᠤᠯᠤᠨ᠎ᠠ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ | ᠱᠠᠩᠨᠠᠵᠤ ᠨᠥᠬᠦᠪᠥᠷᠢᠯᠡᠬᠦ ᠤᠷᠮᠠᠰᠢᠭᠤᠯᠤᠨ ᠵᠣᠷᠢᠭᠵᠢᠭᠤᠯᠬᠤ ᠲᠦᠷᠢᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ | ᠭᠠᠷᠤᠯᠲᠠ ᠶᠢᠨ ᠲᠤᠮᠤ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠲᠥᠪ ᠤᠨ ᠨᠢᠭᠡᠳᠦᠯᠲᠡᠶ | ᠲᠥᠯᠥᠪᠵᠢᠭᠦᠯᠭᠡ ᠳᠤᠤᠷᠠᠬᠢ ᠠᠮᠤ ᠪᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠣᠷᠣᠨ ᠤ ᠮᠤᠵᠢ ᠶᠢᠨ | ᠬᠤᠭᠤᠷᠣᠨᠳᠣᠬᠢ ᠬᠥᠨᠳᠡᠯᠡᠨ ᠤ ᠠᠰᠢᠭ ᠲᠤᠰᠠ ᠶᠢᠨ ᠨᠥᠬᠦᠪᠥᠷᠢ ᠶᠢ ᠡᠬᠢᠯᠡᠨ ᠬᠡᠷᠡᠭᠵᠢᠭᠦᠯᠵᠦ᠂ ᠪᠡᠯᠡ ᠮᠥᠩᠭᠦ | ᠴᠤᠭᠯᠠᠭᠤᠯᠬᠤ ᠪᠠ ᠬᠤᠪᠢᠶᠠᠷᠢᠯᠠᠬᠤ ᠶᠢ ᠰᠠᠶᠢᠲᠤᠷ ᠬᠢᠨ᠎ᠡ᠃ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ | ᠠᠯᠬᠤᠮ ᠠᠯᠬᠤᠮ ᠢᠶᠠᠷ ᠥᠷᠭᠡᠳᠭᠡᠨ᠎ᠡ᠃ | ︵ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠢᠭᠡᠳ ᠦᠢᠯᠡᠳᠪᠦᠷᠢᠯᠡᠯ ᠤᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ | ᠪᠠᠶᠢᠭᠠᠳ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠢᠮᠠᠭᠲᠠ ᠵᠦᠢ | ᠵᠣᠬᠢᠰᠲᠠᠢ ᠲᠦᠪᠰᠢᠨ ᠳᠤ ᠪᠠᠶᠢᠯᠭᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠣᠭᠲᠠᠪᠤᠷᠢᠵᠢᠭᠤᠯᠤᠨ᠂ | ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠢᠳᠡᠪᠬᠢᠵᠢᠯ ᠢ ᠬᠠᠮᠠᠭᠠᠯᠠᠵᠤ᠂ ᠲᠠᠷᠢᠶᠠᠴᠢᠳ ᠤᠨ ᠠᠰᠢᠭ ᠲᠤᠰᠠ ᠶᠢ | ᠰᠠᠶᠢᠲᠤᠷ ᠬᠠᠮᠠᠭᠠᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠢᠯᠢ ᠶᠢᠨ ᠪᠣᠭᠤᠮᠲᠠ ᠶᠢᠨ ᠠᠮᠢᠳᠤ | ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ | ᠪᠦᠲᠦᠭᠡᠭᠳᠡᠬᠦᠨ ᠤ ᠠᠵᠤ ᠦᠢᠯᠡᠰ ᠤᠨ ᠬᠤᠬᠢᠷᠠᠯ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ | ᠲᠡᠭᠦᠯᠳᠡᠷᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠶᠢ ᠡᠮᠬᠢ ᠵᠢᠷᠤᠮ ᠲᠠᠢ ᠰᠠᠶᠢᠲᠤᠷ ᠬᠢᠵᠦ᠂ ᠨᠥᠭᠡᠴᠡ | ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠵᠢᠱᠢᠯᠲᠡ ᠶᠢ ᠬᠦᠳᠦᠯᠦᠨ ᠵᠢᠯᠣᠭᠤᠳᠬᠤ ᠶᠢ ᠴᠢᠩᠭᠠᠳᠬᠠᠨ᠎ᠠ᠃ | ︵ᠨᠠᠢᠮᠠ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮ | ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ᠂ ᠢᠳᠡᠭᠡᠨ ᠤ ᠡᠬᠢ | ᠪᠠᠶᠠᠯᠢᠭ ᠢ ᠪᠥᠬᠦ ᠲᠠᠯ᠎ᠠ ᠪᠠᠷ ᠣᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ᠃ ᠢᠳᠡᠰᠢᠨ ᠨᠣᠭᠤᠭ᠎ᠠ ᠶᠢᠨ | ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠶᠡᠭᠡ ᠳᠤᠮᠳᠠ ᠬᠤᠲᠠ ᠶᠢᠨ ᠡᠷᠭᠢᠨ ᠲᠣᠭᠤᠷᠢᠨ ᠤ ᠣᠳᠣ ᠦᠶ᠎ᠡ ᠶᠢᠨ ᠲᠦᠬᠦᠭᠡᠷᠦᠮᠵᠢᠳᠤ | ᠲᠠᠷᠢᠶᠠᠯᠠᠩ ᠢ ᠰᠢᠨᠡᠳᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠢᠭᠠᠰᠤᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠠᠯᠤᠰ ᠬᠦᠨ ᠲᠡᠯᠡᠶ ᠳᠤ ᠲᠡᠵᠢᠭᠡᠨ ᠦᠷᠡᠵᠢᠭᠦᠯᠬᠦ ᠶᠢ ᠳᠡᠮᠵᠢᠨ ᠬᠥᠭᠵᠢᠭᠦᠯᠵᠦ᠂ | ᠲᠡᠯᠡᠶ ᠳᠡᠭᠡᠷᠡᠬᠢ ᠮᠠᠯᠵᠢᠯ ᠤᠨ ᠲᠠᠯᠠᠪᠠᠶ ᠶᠢ ᠪᠥᠲᠥᠭᠡᠨ ᠪᠠᠶᠢᠭᠤᠯᠤᠨ᠎ᠠ᠃ ᠣᠶ ᠰᠢᠭᠤᠶ ᠶᠢᠨ ᠢᠳᠡᠭᠡᠨ ᠢ ᠬᠥᠭᠵᠢᠭᠦᠯᠵᠦ | ᠂ ︽ᠣᠶ ᠰᠢᠭᠤᠶ ᠶᠢᠨ ᠠᠮᠤ ᠶᠢᠨ ᠰᠠᠩ︾ ᠢ ᠪᠠᠶᠠᠯᠢᠭᠵᠢᠭᠤᠯᠤᠨ᠎ᠠ᠃ ᠢᠳᠡᠰᠢᠨ ᠤ ᠮᠦᠭᠦ ᠶᠢᠨ ᠠᠵᠤ ᠦᠢᠯᠡᠰ ᠤᠨ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠵᠠᠮᠠᠭ ᠤᠨ ᠲᠦᠷᠦᠯ ᠤᠨ | ᠢᠳᠡᠭᠡᠨ ᠢ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠠᠮᠢᠳᠤ ᠪᠣᠳᠠᠰ ᠤᠨ ᠲᠠᠷᠢᠶᠠᠯᠠᠩ ᠢ ᠪᠤᠶᠢᠵᠢᠭᠤᠯᠤᠨ | ᠬᠥᠭᠵᠢᠭᠦᠯᠵᠦ᠂ ᠰᠢᠨ᠎ᠡ ᠬᠡᠯᠪᠡᠷᠢ ᠶᠢᠨ ᠢᠳᠡᠭᠡᠨ ᠤ ᠡᠬᠢ ᠪᠠᠶᠠᠯᠢᠭ ᠢ ᠨᠡᠭᠡᠭᠡᠨ᠎ᠡ᠃ ᠠᠮᠤ ᠪᠤᠳᠠᠭ᠎ᠠ ᠪᠣᠯᠤᠨ ᠬᠠᠮ | ᠢᠳᠡᠭᠡᠨ ᠢ ᠪᠦᠷᠢᠳᠭᠡᠨ ᠬᠢᠨᠠᠨ ᠬᠡᠮᠵᠢᠬᠦ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠢᠳᠡᠭᠡᠨ ᠤ ᠠᠮᠤᠷ ᠲᠦᠪᠰᠢᠨ | ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠤ ᠡᠮ ᠤᠨ ᠦᠯᠡᠳᠡᠭᠳᠡᠯ ᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ | ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠬᠡᠮᠵᠢᠶ᠎ᠡ ᠶᠢ ᠪᠠᠭᠠᠰᠬᠠᠨ ᠬᠡᠷᠡᠭᠯᠡᠬᠦ ᠶᠢ ᠠᠬᠢᠭᠤᠯᠤᠨ᠎ᠠ᠃ ︵ | ᠶᠢᠰᠦ︶ ᠠᠮᠤ ᠪᠤᠳᠠᠭ᠎ᠠ ᠪᠣᠯᠤᠨ ᠢᠳᠡᠭᠡᠨ ᠢ ᠠᠷᠪᠢᠯᠠᠨ ᠭᠠᠮᠨᠠᠬᠤ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ | ᠰᠦᠢᠳᠭᠡᠬᠦ ᠶᠢ ᠡᠰᠡᠷᠭᠦᠴᠡᠬᠦ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠤᠷᠮᠠᠰᠢᠭᠤᠯᠬᠤ ᠪᠠ ᠬᠢᠵᠠᠭᠠᠷᠯᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠷᠡᠭᠦᠯ ᠢᠳᠡᠭᠡᠨ ᠤᠮᠳᠠᠭᠠᠨ ᠢ ᠶᠡᠭᠡ ᠪᠠᠷ ᠰᠠᠨᠠᠭᠠᠴᠢᠯᠠᠵᠤ᠂ | ᠣᠯᠠᠨ ᠨᠡᠶᠢᠲᠡ ᠶᠢᠨ ᠬᠤᠭᠤᠯᠠᠨ ᠭᠡᠷ᠂ ᠢᠳᠡᠭᠡᠨ ᠤᠮᠳᠠᠭᠠᠨ ᠤ ᠪᠠᠶᠢᠭᠤᠯᠤᠮᠵᠢ ᠵᠡᠷᠭᠡ ᠶᠢᠨ ᠲᠣᠰᠣ ᠬᠡᠷᠡᠭᠯᠡᠬᠦ | ᠵᠢᠯᠣᠭᠤᠳᠣᠯᠭ᠎ᠠ ᠶᠢ ᠴᠢᠩᠭᠠᠳᠬᠠᠨ᠂ ᠲᠣᠰᠣ ᠶᠢ ᠪᠠᠭᠠᠰᠬᠠᠬᠤ ᠳᠠᠪᠤᠰᠤ ᠶᠢ ᠪᠠᠭᠠᠰᠬᠠᠬᠤ ᠰᠢᠬᠢᠷ ᠢ ᠪᠠᠭᠠᠰᠬᠠᠬᠤ ᠪᠠ | ᠪᠦᠷᠢᠨ ᠠᠮᠤ ᠪᠤᠳᠠᠭ᠎ᠠ ᠵᠡᠷᠭᠡ ᠢᠳᠡᠭᠡᠨ ᠤᠮᠳᠠᠭᠠᠨ ᠢ ᠳᠡᠯᠭᠡᠷᠡᠭᠦᠯᠦᠨ᠎ᠡ᠃ ᠠᠮᠤ ᠪᠤᠳᠠᠭᠠᠨ ᠤ ᠮᠠᠰᠢᠨ ᠢᠶᠠᠷ | ᠬᠤᠷᠢᠶᠠᠵᠤ ᠬᠤᠷᠣᠭᠳᠠᠯ ᠢ ᠪᠠᠭᠠᠰᠬᠠᠬᠤ᠂ ᠵᠣᠬᠢᠬᠤ ᠬᠡᠮᠵᠢᠶ᠎ᠡ ᠪᠠᠷ ᠪᠣᠯᠪᠠᠰᠤᠷᠠᠭᠤᠯᠬᠤ ᠪᠠ ᠰᠢᠨᠵᠢᠯᠡᠬᠦ ᠤᠬᠠᠭᠠᠨᠴᠢ ᠪᠠᠷ | ᠬᠠᠳᠠᠭᠠᠯᠠᠬᠤ ᠶᠢ ᠠᠬᠢᠭᠤᠯᠤᠨ᠎ᠠ᠃ ᠬᠤᠶᠠᠷ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ | ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠨ᠎ᠡ | ︵ᠠᠷᠪᠠ︶ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ | ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ | ᠲᠦᠪᠰᠢᠨ ᠢ ᠪᠠᠲᠤᠯᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠦᠷᠬᠦᠯᠵᠢᠯᠡᠨ ᠬᠠᠪᠰᠤᠷᠤᠨ ᠲᠡᠳᠬᠦᠬᠦ ᠶᠢ ᠴᠢᠩᠭᠠᠳᠬᠠᠨ᠂ ᠦᠵᠡᠯ ᠰᠠᠨᠠᠭ᠎ᠠ ᠰᠤᠯᠠᠷᠠᠬᠤ᠂ | ᠠᠵᠢᠯ ᠰᠤᠯᠠᠷᠠᠬᠤ ᠶᠢ ᠰᠡᠷᠭᠡᠶᠢᠯᠡᠨ᠎ᠡ᠃ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ | ᠬᠡᠮᠵᠢᠵᠦ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠬᠢᠨ ᠶᠠᠳᠠᠭᠤᠷᠠᠬᠤ ᠪᠤᠶᠤ | ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ ᠬᠠᠪᠰᠤᠷᠤᠨ ᠲᠡᠳᠬᠦᠬᠦ | ᠬᠡᠪᠴᠢᠶᠡᠨ ᠳᠤ ᠣᠷᠣᠭᠤᠯᠤᠨ᠎ᠠ᠃ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠠᠵᠢᠯ | ᠣᠯᠭᠤᠯᠲᠠ ᠶᠢᠨ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠪᠰᠤᠷᠤᠨ ᠲᠡᠳᠬᠦᠬᠦ | ᠦᠢᠯᠡᠳᠪᠦᠷᠢ ᠶᠢᠨ ᠲᠠᠰᠤᠭ ᠤᠨ ᠠᠵᠢᠯ ᠣᠯᠭᠤᠯᠲᠠ ᠶᠢᠨ ᠰᠢᠩᠭᠡᠭᠡᠨ ᠠᠪᠬᠤ ᠴᠢᠳᠠᠪᠤᠷᠢ ᠶᠢ ᠨᠡᠮᠡᠭᠳᠡᠭᠦᠯᠵᠦ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠢᠬᠦ ᠬᠡᠪᠴᠢᠶ᠎ᠡ ᠪᠠ ᠣᠷᠣᠯᠭ᠎ᠠ ᠶᠢ | ᠲᠣᠭᠲᠠᠪᠤᠷᠢᠵᠢᠭᠤᠯᠤᠨ᠎ᠠ᠃ ᠪᠠᠬᠢᠵᠢᠭᠦᠯᠬᠦ᠂ ᠳᠡᠰ ᠳᠡᠪᠰᠢᠭᠦᠯᠬᠦ᠂ ᠠᠮᠢᠳᠤᠯᠢᠭ ᠪᠣᠯᠭᠠᠬᠤ᠂ ᠲᠣᠬᠢᠷᠠᠭᠤᠯᠬᠤ ᠵᠠᠷᠴᠢᠮ | ᠶᠣᠰᠣᠭᠠᠷ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠲᠥᠷᠥᠯ ᠬᠤᠪᠢᠶᠠᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮᠴᠢᠯᠡᠭᠡ᠂ | ᠰᠤᠷᠭᠠᠨ ᠬᠥᠮᠦᠵᠢᠯ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶ | ᠥᠷᠨᠢᠭᠦᠯᠦᠨ᠎ᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠠᠪᠴᠠᠩ ᠤᠨ ᠠᠵᠤ ᠠᠬᠤᠶᠢᠯᠠᠯ ᠪᠠ ᠦᠢᠯᠡᠳᠬᠦᠨ ᠤ | ᠬᠠᠮᠢᠶᠠᠷᠤᠯᠲᠠ ᠶᠢ ᠴᠢᠩᠭᠠᠳᠬᠠᠨ᠎ᠠ᠃ | ︵ᠠᠷᠪᠠᠨ ᠨᠢᠭᠡ︶ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ | ᠲᠣᠭᠲᠠᠴᠠ ᠪᠣᠯᠤᠨ ᠣᠷᠣᠯᠭ᠎ᠠ ᠪᠠᠭᠠᠲᠠᠶ ᠬᠥᠮᠦᠨ ᠠᠮᠠ᠂ ᠬᠥᠭᠵᠢᠭᠡᠳᠦᠢ ᠭᠠᠵᠠᠷ ᠣᠷᠣᠨ ᠤ ᠱᠠᠲᠤ ᠬᠤᠪᠢᠶᠠᠨ | ᠲᠥᠷᠥᠯ ᠬᠤᠪᠢᠶᠠᠨ ᠬᠠᠪᠰᠤᠷᠤᠨ ᠲᠡᠳᠬᠦᠬᠦ ᠪᠠᠶᠢᠭᠤᠯᠤᠯ ᠢ ᠨᠢᠭᠡᠳᠦᠯᠲᠡᠶ ᠲᠥᠯᠥᠪᠵᠢᠬᠦᠯᠦᠨ ᠪᠠᠶᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠡᠷᠦᠩᠬᠡᠢ ᠦᠨᠡᠯᠡᠯᠲᠡ ᠶᠢᠨ | ᠠᠵᠢᠯ ᠢ ᠥᠷᠨᠢᠭᠦᠯᠵᠦ᠂ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ | ᠪᠤᠳᠤᠯᠭ᠎ᠠ ᠶᠢᠨ ᠰᠢᠰᠲ᠋ᠧᠮ ᠢ ᠰᠤᠳᠤᠯᠤᠨ ᠲᠣᠭᠲᠠᠭᠠᠨ᠎ᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ | ᠠᠮᠠ ᠵᠢᠴᠢ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠡᠲᠡᠭᠡᠳ ᠢ ᠢᠯᠭᠠᠨ ᠲᠠᠨᠢᠵᠤ ᠮᠠᠭᠠᠳᠯᠠᠨ | ᠲᠣᠭᠲᠠᠭᠠᠬᠤ ᠶᠢ ᠨᠢᠭᠡᠳᠦᠯᠲᠡᠶ ᠲᠥᠯᠥᠪᠵᠢᠭᠦᠯᠦᠨ ᠥᠷᠨᠢᠭᠦᠯᠦᠨ᠎ᠡ᠃ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠬᠦ ᠶᠢ ᠴᠢᠬᠤᠯᠠᠴᠢᠯᠠᠵᠤ᠂ ᠬᠥᠳᠡᠯᠮᠦᠷᠢᠯᠡᠬᠦ ᠴᠢᠳᠠᠪᠤᠷᠢ ᠲᠠᠢ ᠬᠥᠳᠡᠭᠡ ᠲᠣᠰᠬᠤᠨ ᠤ ᠣᠷᠣᠯᠭ᠎ᠠ ᠪᠠᠭᠠᠲᠠᠢ | ᠬᠥᠮᠦᠨ ᠠᠮᠠ ᠶᠢ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠡᠶᠢᠭᠡᠮ ᠤᠨ | ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠵᠤ᠂ ᠬᠥᠭᠵᠢᠭᠡᠳᠦᠢ ᠭᠠᠵᠠᠷ ᠣᠷᠣᠨ ᠤ | ᠬᠥᠭᠵᠢᠨ ᠮᠠᠨᠳᠤᠬᠤ ᠶᠢ ᠳᠡᠮᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ | ᠪᠠᠶᠢᠭᠤᠯᠵᠤ᠂ ᠵᠡᠭᠦᠨ ᠪᠠᠷᠠᠭᠤᠨ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ | ᠲᠣᠭᠲᠠᠴᠠ ᠪᠠᠷ ᠳᠠᠮᠵᠢᠭᠤᠯᠤᠨ ᠵᠦᠷᠢᠶᠡᠴᠢᠯᠡᠭᠰᠡᠨ ᠳᠡᠮᠵᠢᠯᠭᠡ ᠦᠵᠡᠭᠦᠯᠦᠨ᠎ᠡ᠃ ︵ᠠᠷᠪᠠᠨ ᠬᠤᠶᠠᠷ︶ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ ᠣᠷᠣᠭᠤᠯᠤᠯᠲᠠ ᠬᠢᠵᠦ ᠡᠳ᠋ ᠬᠥᠷᠥᠩᠭᠡ | ᠪᠦᠷᠢᠯᠳᠦᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠡᠴᠡ ᠶᠢ ᠪᠦᠷᠢᠨᠰᠢᠭᠦᠯᠦᠨ᠎ᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ ᠣᠷᠣᠭᠤᠯᠤᠯᠲᠠ ᠬᠢᠵᠦ ᠪᠦᠷᠢᠯᠳᠦᠭᠰᠡᠨ | ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠳ᠋ ᠬᠥᠷᠥᠩᠭᠡ ᠶᠢ ᠳᠡᠩᠰᠡᠯᠡᠨ ᠬᠠᠮᠢᠶᠠᠷᠬᠤ | ᠨᠢᠭᠡᠳᠦᠯᠲᠡᠶ ᠡᠬᠡ ᠲᠠᠩᠰᠠ ᠶᠢ ᠪᠠᠶᠢᠭᠤᠯᠤᠨ᠎ᠠ᠃ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠳ᠋ ᠬᠥᠷᠥᠩᠭᠡ ᠶᠢᠨ ᠪᠦᠷᠢᠯᠳᠦᠬᠦ᠂ ᠡᠷᠬᠡ ᠶᠢ ᠨᠤᠲᠠᠯᠠᠨ | ᠰᠢᠯᠵᠢᠭᠦᠯᠦᠨ ᠲᠤᠰᠢᠶᠠᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ | ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠡᠵᠡᠩᠨᠡᠯᠲᠡ ᠶᠢᠨ ᠴᠢᠨᠠᠷᠲᠠᠶ ᠡᠳ᠋ | ᠬᠥᠷᠥᠩᠭᠡ ᠶᠢᠨ ᠥᠷᠲᠡᠭ ᠢ ᠪᠠᠲᠤᠯᠠᠨ ᠦᠷ᠎ᠡ ᠠᠰᠢᠭ ᠢ ᠨᠡᠮᠡᠭᠳᠡᠭᠦᠯᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ | ᠬᠥᠷᠥᠩᠭᠡ ᠶᠢᠨ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ᠡᠳ᠋ ᠬᠥᠷᠥᠩᠭᠡ ᠶᠢ ᠲᠥᠷᠥᠯ | ᠬᠤᠪᠢᠶᠠᠨ ᠰᠢᠢᠳᠪᠦᠷᠢᠯᠡᠬᠦ ᠲᠦᠷᠢᠮ ᠢ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠦᠷ᠎ᠡ ᠠᠰᠢᠭ ᠢᠶᠠᠷ ᠳᠤᠤᠷ᠎ᠠ ᠰᠤᠯᠠ | ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠳᠡᠮᠵᠢᠨ᠎ᠡ᠃ ᠭᠤᠷᠪᠠ᠂ ᠰᠢᠶᠠᠨ ᠤ ᠬᠡᠪᠴᠢᠶᠡᠨ ᠤ | ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ᠎ᠠ ︵ᠠᠷᠪᠠᠨ ᠭᠤᠷᠪᠠ︶ ᠬᠥᠳᠡᠭᠡ | ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ | ᠠᠵᠢᠯᠯᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠳᠠᠷᠢᠵᠤ | ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠠᠷᠢᠶᠠᠯᠠᠩ ᠤᠨ ᠲᠥᠷᠥᠯ ᠲᠡᠮᠳᠡᠭ ᠰᠣᠳᠣᠨ | ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠠᠵᠤ | ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ | ᠵᠦᠢᠯ ᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ | ᠬᠡᠯᠪᠡᠷᠢ ᠶᠢ ᠪᠤᠶᠢᠵᠢᠭᠤᠯᠤᠨ᠎ᠠ᠃ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ | ᠠᠬᠢᠭᠤᠯᠵᠤ᠂ ᠰᠣᠶᠣᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ | ᠣᠯᠭᠤᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠤᠨᠴᠠᠯᠢᠬᠵᠢᠭᠰᠠᠨ᠂ | ᠰᠣᠳᠣᠨᠵᠢᠭᠰᠠᠨ᠂ ᠵᠢᠷᠤᠮᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠪᠠ | ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠣᠳᠣ ᠦᠶ᠎ᠡ ᠶᠢᠨ ᠭᠦᠢᠯᠭᠡᠭᠡᠨ ᠤ ᠲᠤᠤᠷ ᠰᠦᠯᠵᠢᠶ᠎ᠡ ᠶᠢ | ᠲᠦᠷᠭᠡᠳᠭᠡᠨ ᠪᠠᠶᠢᠭᠤᠯᠵᠤ᠂ ᠡᠯ᠎ᠡ ᠲᠥᠷᠥᠯ ᠤᠨ ᠭᠤᠤᠯ ᠴᠣᠭᠴᠠ ᠬᠠᠩᠭᠠᠯᠭ᠎ᠠ ᠶᠢᠨ ᠬᠡᠯᠬᠢᠶ᠎ᠡ ᠶᠢ ᠬᠠᠮᠵᠢᠯᠴᠠᠨ | ᠬᠠᠮᠲᠤ ᠪᠠᠷ ᠪᠠᠶᠢᠭᠤᠯᠬᠤ ᠶᠢ ᠳᠠᠮᠵᠢᠨ᠎ᠠ᠃ ᠬᠥᠳᠡᠭᠡ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ ︵ᠠᠷᠪᠠᠨ ᠳᠥᠷᠪᠡ︶ ᠲᠠᠷᠢᠶᠠᠯᠠᠬᠤ ᠡᠷᠦᠬᠡ ᠲᠠᠢ ᠬᠤᠯᠪᠣᠭᠠᠯᠠᠨ | ᠲᠠᠷᠢᠶᠠᠴᠢᠨ ᠢ ᠳᠠᠶᠢᠴᠢᠯᠠᠬᠤ ᠲᠣᠭᠲᠡᠴᠡ ᠶᠢ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠤᠨ | ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠠᠷᠢᠶᠠᠴᠢᠨ ᠡᠷᠦᠬᠡ ᠶᠢ | ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠲᠠᠢ ᠬᠤᠯᠪᠣᠭᠳᠠᠭᠤᠯᠬᠤ ᠲᠣᠭᠲᠡᠴᠡ ᠶᠢ ᠪᠦᠷᠢᠨᠰᠢᠬᠦᠯᠵᠤ᠂ ᠲᠠᠷᠢᠶᠠᠯᠠᠬᠤ | ᠡᠷᠦᠬᠡ ᠲᠠᠢ ᠬᠤᠯᠪᠣᠭᠠᠯᠠᠨ ᠲᠠᠷᠢᠶᠠᠴᠢᠨ ᠢ ᠳᠠᠶᠢᠴᠢᠯᠠᠬᠤ ᠶᠢ ᠲᠦᠷᠦ ᠶᠢᠨ ᠪᠤᠳᠤᠯᠭ᠎ᠠ ᠶᠢᠨ ᠬᠡᠯᠪᠠᠶᠢᠯᠲᠡ ᠶᠢᠨ | ᠴᠢᠬᠤᠯᠠ ᠦᠨᠳᠦᠰᠦᠯᠡᠯ ᠪᠣᠯᠭᠠᠨ᠎ᠠ᠃ ᠠᠵᠤ ᠠᠬᠤᠶᠢᠯᠠᠯ᠂ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠶ ᠬᠢᠭᠡᠳ ᠲᠠᠷᠢᠶᠠᠯᠠᠬᠤ ᠡᠷᠦᠬᠡ ᠵᠡᠷᠭᠡ ᠶᠢᠨ ᠨᠢᠭᠲᠠ ᠬᠤᠯᠪᠣᠭᠠᠯᠠᠬᠤ ᠪᠠ ᠬᠤᠷᠰᠢᠯᠴᠠᠬᠤ ᠶᠢ | ᠬᠥᠲᠥᠯᠥᠨ ᠵᠢᠯᠣᠭᠤᠳᠴᠤ᠂ ᠨᠠᠭᠠᠳᠤ ᠵᠠᠬ᠎ᠠ ᠶᠢᠨ ᠣᠷᠣᠯᠭ᠎ᠠ ᠶᠢ ᠪᠠᠲᠤᠯᠠᠨ ᠬᠤᠪᠢᠶᠠᠷᠢᠯᠠᠬᠤ᠂ ᠬᠤᠪᠢ ᠣᠷᠣᠭᠤᠯᠬᠤ᠂ | ᠦᠢᠯᠡᠴᠢᠯᠡᠭᠡ ᠪᠠᠷ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠳ ᠲᠤ ᠠᠵᠤ ᠦᠢᠯᠡᠰ ᠤᠨ | ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠨᠡᠩ ᠢᠯᠡᠭᠦᠦ ᠬᠦᠷᠲᠡᠭᠡᠨ᠎ᠡ᠃ ᠲᠠᠷᠢᠶᠠᠯᠠᠩ ᠬᠥᠳᠡᠭᠡ ᠲᠣᠰᠬᠤᠨ ᠤ | ᠬᠦᠷᠢᠶᠡᠨ ᠳᠠᠬᠢ ᠨᠡᠶᠢᠭᠡᠮ ᠤᠨ ᠪᠡᠯᠡ ᠣᠷᠣᠭᠤᠯᠤᠯᠲᠠ ᠶᠢ ᠵᠢᠷᠤᠮᠵᠢᠭᠤᠯᠤᠨ ᠬᠥᠲᠥᠯᠥᠨ ᠵᠢᠯᠣᠭᠤᠳᠴᠤ᠂ ᠠᠶᠤᠯ | ᠲᠦᠭᠰᠢᠭᠦᠷᠢ ᠶᠢ ᠰᠡᠷᠭᠡᠶᠢᠯᠡᠬᠦ ᠲᠣᠭᠲᠡᠴᠡ ᠶᠢ ᠲᠡᠭᠦᠯᠳᠡᠷᠵᠢᠭᠦᠯᠦᠨ᠎ᠡ᠃ ︵ᠠᠷᠪᠠᠨ ᠲᠠᠪᠤ︶ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠨ᠎ᠡ᠃ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ | ᠭᠡᠷ ᠪᠦᠯᠢ ᠶᠢᠨ ᠡᠵᠡᠩᠨᠡᠯᠲᠡ ᠳᠤ ᠲᠣᠬᠢᠷᠠᠬᠤ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠵᠦ᠂ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠷᠢᠶ᠎ᠡ ᠬᠠᠰᠢᠶᠠᠨ ᠤ ᠠᠵᠤ ᠠᠬᠤᠶ᠂ ᠣᠶ ᠳᠣᠲᠣᠷᠠᠬᠢ ᠠᠵᠤ | ᠠᠬᠤᠶ᠂ ᠠᠷᠠᠳ ᠤᠨ ᠤᠯᠠᠮᠵᠢᠯᠠᠯᠲᠤ ᠰᠠᠭᠤᠴᠠ ᠶᠢᠨ ᠠᠵᠤ ᠠᠬᠤᠶ ᠶᠢ ᠬᠥᠭᠵᠢᠭᠦᠯᠦᠨ᠎ᠡ᠃ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ | ᠠᠵᠢᠯ ᠣᠯᠭᠤᠬᠤ ᠦᠢᠯᠡᠴᠢᠯᠡᠭᠡ ᠪᠠ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠴᠢᠩᠭᠠᠷᠠᠭᠤᠯᠤᠨ᠂ | ᠣᠨᠴᠠᠯᠢᠭᠲᠤ ᠬᠥᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠤᠶᠢᠵᠢᠭᠤᠯᠤᠨ ᠲᠠᠨᠢᠯᠴᠠᠭᠤᠯᠤᠨ᠎ᠠ᠃ ᠭᠡᠷ ᠤᠨ | ᠶᠠᠪᠤᠳᠠᠯ ᠤᠨ ᠦᠢᠯᠡᠴᠢᠯᠡᠭᠡ ᠪᠠᠷ ᠬᠦᠳᠡᠭᠡ ᠲᠤᠰᠬᠤᠨ ᠢ ᠬᠥᠭᠵᠢᠭᠦᠯᠬᠦ ᠠᠵᠢᠯᠯᠠᠭ᠎ᠠ ᠶᠢ ᠠᠬᠢᠭᠤᠯᠤᠨ᠎ᠠ᠃ ᠨᠠᠰᠤ | ᠠᠭᠢᠭᠰᠠᠨ ᠬᠥᠯᠥᠰᠥᠨ ᠠᠵᠢᠯᠴᠢᠨ ᠤ ᠠᠵᠢᠯ ᠣᠯᠭᠤᠯᠲᠠ ᠶᠢ ᠲᠡᠳᠬᠦᠨ ᠳᠡᠮᠵᠢᠬᠦ ᠶᠢ ᠴᠢᠩᠭᠠᠳᠬᠠᠨ᠎ᠠ᠃ ᠬᠥᠯᠥᠰᠥᠨ | ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢᠨ ᠲᠦᠷᠢᠮ ᠤᠨ ᠪᠦᠬᠦ ᠲᠠᠯ᠎ᠠ ᠶᠢ ᠬᠠᠮᠤᠷᠬᠤ ᠪᠠ ᠪᠦᠲᠦᠮᠵᠢᠲᠡᠢ | ᠠᠵᠢᠯᠯᠠᠬᠤ ᠶᠢ ᠠᠬᠢᠭᠤᠯᠵᠤ᠂ ᠡᠯ᠎ᠡ ᠲᠦᠷᠦᠯ ᠤᠨ ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ | ᠵᠠᠯᠠᠷᠠᠭᠤᠯᠤᠨ᠎ᠠ᠃ ᠰᠢᠶᠠᠨ ᠤ ᠬᠡᠪᠴᠢᠶᠡᠨ ᠤ ᠲᠤᠰ ᠲᠤᠰ ᠤᠨ ᠣᠨᠴᠠᠯᠢᠭ ᠲᠠᠢ ᠠᠵᠤ ᠠᠬᠤᠶ ᠶᠢ ᠬᠥᠭᠵᠢᠭᠦᠯᠵᠦ᠂ | ᠠᠵᠢᠯ ᠣᠯᠭᠤᠬᠤ ᠪᠠᠭᠲᠠᠭᠠᠮᠵᠢ ᠪᠠᠷ ᠶᠡᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠳᠡᠮᠵᠢᠨ ᠬᠥᠭᠵᠢᠭᠦᠯᠵᠦ᠂ | ᠲᠠᠷᠢᠶᠠᠴᠢᠳ ᠤᠨ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ᠲᠣᠭᠠᠴᠢᠯᠠᠭᠰᠠᠨ ᠬᠥᠳᠡᠭᠡ ᠲᠣᠰᠬᠤᠨ ᠤ ᠬᠦᠳᠡᠭᠡ ᠠᠵᠤ ᠠᠬᠤᠢ ᠶᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ | ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠦᠳᠡᠯᠮᠦᠷᠢ ᠪᠠᠷ | ᠲᠡᠳᠬᠦᠮᠵᠢ ᠶᠢ ᠣᠷᠣᠯᠠᠭᠤᠯᠬᠤ ᠲᠦᠷᠦᠯ ᠵᠦᠢᠯ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠭᠡᠵᠦ᠂ ᠭᠤᠣᠯᠳᠠᠯᠭ᠎ᠠ ᠲᠠᠢ | ᠢᠨᠵᠧᠨᠧᠷᠢᠩ ᠤᠨ ᠲᠦᠷᠦᠯ ᠵᠦᠢᠯ ᠪᠠ ᠬᠦᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ | ᠣᠷᠣᠯᠠᠭᠤᠯᠬᠤ ᠶᠢ ᠳᠡᠯᠭᠡᠷᠡᠭᠦᠯᠦᠨ᠎ᠡ᠃ ᠳᠥᠷᠪᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ | ᠬᠦᠴᠦᠯᠡᠨ ᠠᠬᠢᠭᠤᠯᠤᠨ᠎ᠠ ︵ᠠᠷᠪᠠᠨ ᠵᠢᠷᠭᠤᠭ᠎ᠠ︶ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠎ᠡ᠃ ᠬᠥᠮᠦᠨ ᠠᠮᠠ ᠶᠢᠨ | ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠬᠢᠭᠡᠳ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ | ᠠᠬᠢᠭᠤᠯᠵᠤ᠂ ᠰᠢᠶᠠᠨ ᠰᠢᠶᠠᠩ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ | ᠣᠷᠣᠨ ᠵᠠᠶ ᠶᠢ ᠨᠢᠭᠡᠳᠦᠯᠲᠡᠶ ᠲᠥᠯᠥᠪᠵᠢᠭᠦᠯᠬᠦ ᠪᠠ ᠡᠯᠧᠮᠧᠨ᠋ᠲ ᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠬᠤᠲᠠ | ᠬᠥᠳᠡᠭᠡ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢ | ᠨᠢᠭᠡ ᠴᠣᠭᠴᠠᠵᠢᠭᠤᠯᠬᠤ ᠶᠢ ᠠᠬᠢᠭᠤᠯᠤᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠤᠷᠤᠨ ᠲᠤᠭ᠎ᠠ ᠶᠢᠨ | ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠢᠯ ᠲᠣᠰᠬᠤᠨ ᠤ ᠲᠥᠯᠥᠪᠵᠢᠭᠦᠯᠭᠡ ᠶᠢᠨ | ᠤᠷᠤᠨ ᠲᠤᠭ᠎ᠠ ᠶᠢ ᠪᠦᠬᠦᠨ ᠢ ᠬᠠᠮᠤᠷᠤᠭᠤᠯᠬᠤ ᠪᠠᠷ ᠱᠠᠭᠠᠷᠳᠠᠵᠤ ᠪᠣᠯᠬᠤ ᠥᠬᠡᠶ᠂ ᠤᠷᠤᠨ ᠲᠤᠭ᠎ᠠ ᠱᠠᠭᠠᠷᠳᠠᠬᠤ | ᠥᠬᠡᠶ ᠪᠠᠶᠢᠪᠠᠯ ᠰᠢᠶᠠᠨ ᠰᠢᠶᠠᠩ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ | ᠬᠠᠮᠢᠶᠠᠷᠤᠨ ᠡᠵᠡᠮᠳᠡᠵᠦ ᠬᠥᠲᠥᠯᠥᠨ ᠵᠢᠯᠣᠭᠤᠳᠬᠤ ᠪᠤᠶᠤ ᠶᠡᠷᠦᠩᠬᠡᠶ ᠳᠦᠷᠢᠮ ᠤᠨ ᠮᠠᠶ᠋ᠢᠭ ᠤᠨ ᠬᠠᠮᠢᠶᠠᠷᠤᠯᠲᠠ ᠶᠢᠨ | ᠲᠣᠭᠲᠠᠭᠠᠯ ᠭᠠᠷᠭᠠᠵᠤ ᠪᠣᠯᠤᠨ᠎ᠠ᠃ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠠ ᠳᠡᠰ | ᠳᠠᠷᠠᠭᠠᠯᠠᠯ ᠢ ᠵᠦᠢ ᠵᠣᠬᠢᠰᠲᠠᠶ ᠲᠣᠭᠲᠠᠭᠠᠵᠤ᠂ ᠪᠦᠲᠦᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠨᠢᠭᠡᠳᠦᠯᠲᠡᠶ | ᠲᠥᠯᠥᠪᠵᠢᠭᠦᠯᠦᠨ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠠᠭᠪᠤᠷ ᠢ | ᠬᠠᠶᠢᠨ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠥᠬᠡᠶ᠂ ᠡᠭᠦᠷᠢᠳᠡ ᠶᠢᠨ | ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠤᠷᠢᠲᠠᠯ | ᠳᠤᠤᠷ᠎ᠠ᠂ ᠰᠢᠶᠠᠨ ᠤ ᠬᠡᠪᠴᠢᠶ᠎ᠡ ᠪᠠᠷ ᠨᠢᠭᠡᠳᠦᠯᠲᠡᠶ ᠲᠥᠯᠥᠪᠵᠢᠭᠦᠯᠬᠦ ᠨᠢᠭᠡᠴᠢ᠂ ᠰᠢᠶᠠᠩ ᠪᠠᠯᠭᠠᠰᠤ ᠪᠠᠷ ᠦᠨᠳᠦᠰᠦᠨ | ᠬᠡᠷᠡᠭᠵᠢᠭᠦᠯᠬᠦ ᠨᠢᠭᠡᠴᠢ ᠪᠣᠯᠭᠠᠭᠰᠠᠨ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠥᠷᠨᠢᠭᠦᠯᠦᠨ᠎ᠡ᠃ | ︵ᠠᠷᠪᠠᠨ ᠳᠣᠯᠤᠭ᠎ᠠ︶ ᠰᠠᠭᠤᠷᠢ ᠲᠦᠬᠦᠭᠡᠷᠦᠮᠵᠢ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ | ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ | ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ᠂ ᠵᠢᠵᠢᠭ ᠬᠡᠯᠪᠡᠷᠢ ᠶᠢᠨ ᠤᠰᠤ ᠬᠠᠩᠭᠠᠬᠤ ᠶᠢ | ᠵᠢᠷᠤᠮᠵᠢᠭᠤᠯᠬᠤ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ | ᠬᠥᠳᠡᠭᠡ ᠲᠣᠰᠬᠤᠨ ᠤ ᠤᠰᠤ ᠬᠠᠩᠭᠠᠬᠤ ᠶᠢ ᠰᠢᠶᠠᠨ ᠤ ᠬᠡᠪᠴᠢᠶ᠎ᠡ ᠨᠢᠭᠡᠳᠦᠯᠲᠡᠶ ᠬᠠᠮᠢᠶᠠᠷᠬᠤ ᠪᠠ ᠲᠤᠰᠬᠠᠶᠢᠵᠢᠭᠰᠠᠨ | ᠬᠠᠮᠢᠶᠠᠷᠤᠯᠲᠠ ᠬᠠᠮᠠᠭᠠᠯᠠᠯᠲᠠ ᠶᠠᠪᠤᠭᠤᠯᠬᠤ ᠶᠢ ᠬᠡᠷᠡᠭᠵᠢᠭᠦᠯᠵᠦ ᠪᠣᠯᠤᠨ᠎ᠠ᠃ ᠰᠢᠨ᠎ᠡ ᠨᠢᠭᠡ ᠡᠭᠡᠯᠵᠢ ᠶᠢᠨ ᠬᠥᠳᠡᠭᠡ | ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠤ | ᠵᠠᠰᠠᠮᠠᠯ ᠵᠠᠮ ᠵᠢᠴᠢ ᠬᠥᠭᠦᠷᠭᠡ ᠨᠦᠬᠡᠨ ᠵᠠᠮ ᠤᠨ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ | ᠴᠡᠭᠴᠡᠯᠡᠨ ᠵᠠᠰᠠᠬᠤ ᠶᠢ ᠥᠷᠨᠢᠭᠦᠯᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠢ | ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠨᠥᠬᠦᠴᠡᠯ ᠪᠦᠷᠢᠳᠦᠭᠰᠡᠨ ᠰᠢᠶᠠᠩ ᠪᠠᠯᠭᠠᠰᠤ ᠪᠠ ᠪᠠᠶᠢᠭᠤᠯᠤᠮᠵᠢᠲᠦ | ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ | ᠤᠰᠤᠨ ᠵᠠᠮ ᠤᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠠᠶᠠᠨᠴᠢᠳ ᠪᠠ | ᠪᠠᠷᠠᠭ᠎ᠠ ᠰᠢᠦᠳᠠᠨ ᠤ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠦᠷᠭᠡᠨ ᠬᠦᠷᠭᠡᠯᠲᠡ ᠶᠢ | ᠲᠣᠰᠬᠤᠨ ᠳᠤ ᠣᠷᠣᠭᠤᠯᠬᠤ ᠶᠢ ᠭᠦᠨᠵᠡᠭᠡᠶᠢᠷᠡᠭᠦᠯᠵᠦ᠂ ᠲᠣᠰᠬᠤᠨ ᠤ ᠱᠠᠲᠤᠨ ᠤ ᠢᠯᠡᠭᠡᠨ ᠬᠦᠷᠭᠡᠬᠦ ᠪᠠᠷᠠᠭᠠᠨ ᠤ | ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠶᠠᠨ ᠤ | ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠡᠯᠬᠢᠶᠡᠵᠢᠭᠦᠯᠦᠨ | ᠡᠵᠡᠩᠨᠡᠵᠦ ᠰᠢᠶᠠᠨ ᠤ ᠬᠡᠪᠴᠢᠶᠡᠨ ᠤ ᠵᠠᠬ᠎ᠠ ᠳᠡᠯᠭᠡᠭᠦᠷ ᠢ ᠪᠠᠶᠢᠷᠢᠰᠢᠭᠤᠯᠬᠤ ᠶᠢ ᠳᠡᠮᠵᠢᠵᠦ᠂ ᠬᠦᠢᠲᠡᠨ ᠬᠡᠯᠬᠢᠶᠡᠲᠦ | ᠳᠣᠭᠢᠷᠠᠭᠤᠯᠤᠨ ᠬᠦᠷᠭᠡᠬᠦ ᠪᠠ ᠳᠠᠷᠦ᠋ᠢᠬᠠᠨ ᠵᠢᠵᠢᠭᠯᠡᠨ ᠬᠤᠳᠠᠯᠳᠤᠬᠤ ᠶᠢ ᠰᠢᠶᠠᠩ ᠪᠠᠯᠭᠠᠰᠤ ᠳᠠᠶᠢᠰᠢ | ᠤᠷᠲᠤᠳᠬᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠲᠦᠯᠬᠢᠨ ᠠᠬᠢᠭᠤᠯᠵᠤ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠵᠡᠷᠭᠡ ᠶᠢ ᠡᠭᠡᠭᠦᠯᠦᠨ | ᠬᠤᠷᠢᠶᠠᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠬᠦᠴᠦᠨ ᠤ | ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠲᠠᠷᠬᠠᠮᠠᠯ ᠮᠠᠶ᠋ᠢᠭ ᠤᠨ | ᠳᠠᠬᠢᠯᠳᠠ ᠡᠨᠧᠷᠭᠢ ᠶᠢ ᠨᠡᠭᠡᠭᠡᠨ ᠠᠰᠢᠭᠯᠠᠬᠤ ᠠᠵᠢᠯ ᠢ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠤᠯᠠᠨ | ᠨᠡᠶᠢᠲᠡ ᠶᠢᠨ ᠴᠠᠬᠢᠯᠭᠠᠨ ᠴᠡᠨᠡᠭᠯᠡᠵᠦ ᠳ᠋ᠢᠶᠠᠨ ᠤᠤᠢ ᠰᠣᠯᠢᠬᠤ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ | ᠬᠥᠳᠡᠭᠡ ᠲᠣᠰᠬᠤᠨ ᠤ ᠭᠠᠵᠠᠷ ᠣᠷᠣᠨ ᠤ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠪᠠ | ᠲᠠᠷᠢᠶᠠᠴᠢᠳ ᠤᠨ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ | ᠬᠡᠷᠡᠭᠵᠢᠭᠦᠯᠵᠦ᠂ ᠭᠠᠮᠰᠢᠭᠳᠠᠭᠰᠠᠨ ᠣᠷᠣᠨ ᠤ ᠭᠠᠮᠰᠢᠭ ᠠᠴᠠ ᠪᠤᠯᠵᠤ ᠨᠤᠷᠠᠵᠤ ᠰᠦᠢᠳᠦᠭᠰᠡᠨ ᠣᠷᠣᠨ ᠰᠠᠭᠤᠴᠠ ᠶᠢ | ᠰᠡᠷᠭᠦᠭᠡᠨ ᠲᠠᠬᠢᠨ ᠪᠠᠶᠢᠭᠤᠯᠬᠤ ᠠᠵᠢᠯ ᠢ ᠰᠠᠶᠢᠲᠤᠷ ᠬᠢᠨ᠎ᠠ᠃ | ︵ᠠᠷᠪᠠᠨ ᠨᠠᠢᠮᠠ︶ ᠬᠥᠳᠡᠭᠡ ᠲᠣᠰᠬᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠨᠥᠬᠦᠴᠡᠯ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠲᠦᠪᠰᠢᠨ ᠵᠡᠷᠭᠡ ᠶᠢᠨ ᠬᠠᠮᠢᠶᠠᠷᠤᠯᠲᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠨ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ | ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ | ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ | ᠪᠠᠲᠤᠯᠠᠨ᠎ᠠ᠃ ᠠᠵᠢᠯᠲᠠᠨ ᠢ ᠳᠣᠷᠣᠭᠰᠢ ᠪᠠᠭᠤᠯᠭᠠᠬᠤ ᠪᠠᠷ ᠭᠤᠣᠯᠳᠠᠯᠭ᠎ᠠ ᠪᠣᠯᠭᠠᠨ ᠨᠢᠭᠳᠠᠷᠠᠭᠰᠠᠨ ᠬᠡᠯᠪᠡᠷᠢ ᠶᠢᠨ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠭᠤᠣᠯ | ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ | ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ | ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠡᠭᠠᠨ | ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ | ᠥᠷᠨᠢᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠡᠴᠡ ᠶᠢ ᠪᠦᠷᠢᠨᠰᠢᠬᠦᠯᠵᠦ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠪᠠ ᠲᠣᠰ ᠵᠢᠯ ᠳᠤ | ᠲᠠᠩᠰᠠ ᠲᠠᠶᠢᠯᠤᠭᠰᠠᠨ ᠥᠬᠡᠶ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ | ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ᠃ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ | ᠮᠥᠩᠭᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ | ᠨᠠᠰᠤᠵᠢᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠵᠦ᠂ ᠰᠢᠶᠠᠨ ᠤ ᠬᠡᠪᠴᠢᠶᠡᠨ ᠤ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠦᠨ᠂ ᠲᠣᠰᠬᠤᠨ ᠤ | ᠱᠠᠲᠤᠨ ᠤ ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ | ᠃ ᠬᠥᠳᠡᠭᠡ ᠲᠣᠰᠬᠤᠨ ᠤ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠬᠥᠭᠵᠢᠭᠦᠯᠦᠨ᠎ᠡ᠃ | ᠨᠠᠰᠤᠨ ᠳᠤ ᠥᠯᠥ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ | ᠥᠷᠭᠡᠳᠭᠡᠵᠦ᠂ ᠬᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠪᠠᠲᠤᠯᠠᠭ᠎ᠠ ᠪᠠ | ᠡᠷᠡᠭᠦᠯᠵᠢᠯ ᠤᠨ ᠠᠪᠤᠷᠠᠨ ᠲᠤᠰᠠᠯᠠᠯᠲᠠ ᠶᠢ ᠴᠢᠩᠭᠠᠳᠬᠠᠨ᠎ᠠ᠃ ︵ᠠᠷᠪᠠ ᠶᠢᠰᠦ︶ ᠬᠥᠳᠡᠭᠡ ᠲᠣᠰᠬᠤᠨ ᠤ ᠠᠮᠢ | ᠠᠬᠤᠶ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ ᠬᠥᠳᠡᠭᠡ ᠠᠵᠤ ᠠᠬᠤᠶ ᠬᠥᠳᠡᠭᠡ ᠲᠣᠰᠬᠤᠨ ᠤ | ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠬᠥᠳᠡᠭᠡ | ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ | ᠦᠷᠭᠦᠯᠵᠢᠯᠡᠨ ᠠᠬᠢᠭᠤᠯᠵᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠬᠦ ᠲᠣᠭᠲᠡᠴᠡ ᠶᠢ ᠪᠦᠷᠢᠨᠰᠢᠭᠦᠯᠵᠦ᠂ | ᠨᠡᠶᠢᠭᠡᠮᠴᠢᠯᠡᠭᠰᠡᠨ ᠬᠠᠮᠢᠶᠠᠷᠤᠯᠲᠠ ᠬᠠᠮᠠᠭᠠᠯᠠᠯᠲᠠ ᠪᠠ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ | ᠤᠰᠤ ᠶᠢ ᠵᠠᠰᠠᠬᠤ ᠵᠠᠭᠪᠤᠷ ᠢ ᠰᠣᠩᠭᠤᠵᠤ᠂ ᠵᠣᠷᠯᠣᠩ ᠤᠨ ᠢᠯᠭᠠᠳᠠᠰᠤ ᠪᠠ ᠠᠮᠢᠳᠤᠷᠠᠯ ᠤᠨ ᠪᠣᠬᠢᠷ ᠤᠰᠤ ᠶᠢ | ᠬᠠᠮᠵᠢᠯᠴᠠᠨ ᠵᠠᠰᠠᠬᠤ ᠶᠢ ᠠᠬᠢᠭᠤᠯᠤᠨ᠂ ᠬᠥᠳᠡᠭᠡ ᠲᠣᠰᠬᠤᠨ ᠤ ᠨᠡᠯᠢᠶᠡᠳ ᠶᠡᠭᠡ ᠲᠠᠯᠠᠪᠠᠶ ᠲᠠᠢ ᠪᠣᠬᠢᠷ ᠦᠮᠡᠬᠡᠶ | ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ | ᠡᠬᠢ ᠡᠭᠦᠰᠦᠯ ᠠᠴᠠ ᠨᠢ ᠪᠠᠭᠠᠰᠬᠠᠨ᠂ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠰᠢᠢᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ | ᠲᠣᠪᠤᠶᠢᠮ᠎ᠠ ᠣᠷᠣᠨ ᠪᠦᠰᠡ ᠶᠢᠨ ᠰᠢᠰᠲ᠋ᠧᠮ ᠲᠠᠢ ᠵᠠᠰᠠᠯᠲᠠ ᠶᠢ ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤ ᠶᠢ | ᠡᠬᠢ ᠪᠠᠶᠠᠯᠢᠭᠵᠢᠭᠤᠯᠤᠨ ᠠᠰᠢᠭᠯᠠᠬᠤ ᠪᠠ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠡᠭᠦᠯ ᠤᠨ ᠤᠰᠤ ᠶᠢ | ᠰᠢᠢᠳᠪᠦᠷᠢᠯᠡᠬᠦ ᠶᠢ ᠴᠢᠩᠭᠠᠳᠬᠠᠨ᠎ᠠ᠃ ᠪᠣᠬᠢᠷᠲᠤᠭᠰᠠᠨ ᠲᠠᠷᠢᠶᠠᠨ ᠭᠠᠵᠠᠷ ᠢ ᠠᠶᠤᠯᠭᠦᠢ ᠠᠰᠢᠭᠯᠠᠬᠤ ᠶᠢ ᠠᠬᠢᠭᠤᠯᠵᠤ᠂ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ | ᠰᠤᠷᠪᠤᠯᠵᠢ ᠶᠢ ᠡᠷᠢᠬᠦ ᠪᠠ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ | ᠳᠡᠮᠵᠢᠵᠦ᠂ ᠰᠢᠲᠠᠭᠠᠬᠤ ᠶᠢ ᠴᠠᠭᠠᠵᠠᠯᠠᠬᠤ ᠬᠡᠪᠴᠢᠶ᠎ᠡ ᠶᠢ ᠲᠦᠢᠯ ᠤᠨ ᠣᠨᠣᠪᠴᠢᠲᠠᠶ ᠪᠠᠷ ᠬᠤᠪᠢᠶᠠᠷᠢᠯᠠᠨ ᠲᠣᠭᠲᠠᠭᠠᠵᠤ | ᠂ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ | ᠨᠠᠶᠢᠳᠠᠪᠤᠷᠢᠵᠢᠭᠤᠯᠤᠨ᠎ᠠ᠃ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠢ ᠶᠡᠭᠡ ᠪᠠᠷ ᠲᠦᠯᠬᠢᠨ | ᠠᠬᠢᠭᠤᠯᠵᠤ᠂ ᠡᠬᠢ ᠪᠠᠶᠠᠯᠢᠭ ᠤᠨ ᠬᠠᠮᠵᠢᠯᠴᠠᠭ᠎ᠠ ᠪᠣᠯᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ | ᠴᠢᠩᠭᠠᠷᠠᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ | ᠴᠢᠩᠭᠠᠳᠬᠠᠨ᠎ᠠ᠃ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠬᠥᠬᠡᠮᠥ᠋ᠷᠡᠨ ᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠡᠷᠡᠰ ᠠᠬᠢᠭᠤᠯᠵᠤ᠂ | ᠬᠥᠬᠡᠮᠥ᠋ᠷᠡᠨ ᠤ ᠬᠤᠪᠣᠷ ᠴᠤᠬᠠᠭ ᠮᠥᠬᠦᠬᠦ ᠰᠢᠬᠠᠭᠰᠠᠨ ᠳᠦᠷᠰᠦ ᠶᠢ ᠠᠪᠤᠷᠠᠬᠤ ᠪᠠ ᠴᠢᠬᠤᠯᠠ ᠣᠷᠣᠰᠢᠨ | ᠠᠮᠢᠳᠤᠷᠠᠬᠤ ᠭᠠᠵᠠᠷ ᠤᠨ ᠠᠮᠢ ᠠᠬᠤᠢ ᠶᠢ ᠵᠠᠰᠠᠨ ᠰᠡᠷᠭᠦᠭᠡᠬᠦ ᠶᠢ ᠴᠢᠩᠭᠠᠳᠬᠠᠨ᠎ᠠ᠃ ᠲᠠᠪᠤ᠂ ᠬᠥᠳᠡᠭᠡ | ᠲᠣᠰᠬᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠦᠷᠢᠨᠰᠢᠭᠦᠯᠦᠨ᠎ᠡ ︵ᠬᠤᠷᠢ︶ ᠬᠥᠳᠡᠭᠡ ᠲᠣᠰᠬᠤᠨ ᠤ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠶ | ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠵᠢᠯᠣᠭᠤᠳᠬᠤ ᠶᠢ | ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠤ | ᠲᠤᠰᠢᠶᠠᠯ ᠤᠨ ᠬᠤᠭᠤᠴᠠᠭᠠᠨ ᠤ ᠲᠣᠭᠲᠠᠭᠤᠨ ᠪᠠᠶᠢᠬᠤ ᠶᠢ ᠪᠠᠲᠤᠯᠠᠵᠤ᠂ ᠰᠢᠶᠠᠩ ᠪᠠᠯᠭᠠᠰᠤᠨ ᠤ ᠤᠳᠤᠷᠢᠳᠬᠤ ᠪᠠᠭ | ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠡᠰᠡᠭ ᠵᠠᠯᠠᠭᠤ ᠺᠠᠳ᠋ᠷᠴᠤᠳ ᠤᠨ | ᠬᠥᠳᠡᠭᠡ ᠲᠣᠰᠬᠤᠨ ᠦᠨᠳᠦᠰᠦᠨ ᠱᠠᠲᠤᠨ ᠤ ︽ᠨᠤᠳᠤᠭ ᠤᠰᠤᠨ ᠳᠤ ᠲᠠᠰᠬᠤ ᠦᠭᠡᠢ︾ ᠠᠰᠠᠭᠤᠳᠠᠯ ᠢ ᠬᠦᠴᠦᠯᠡᠨ | ᠰᠢᠢᠳᠪᠦᠷᠢᠯᠡᠨ᠎ᠡ᠃ ᠪᠥᠬᠦ ᠤᠯᠤᠰ ᠤᠨ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ | ᠰᠠᠶᠢᠲᠤᠷ ᠬᠢᠵᠦ᠂ ᠲᠣᠷᠣᠶ ᠪᠠᠭᠤᠷᠠᠶ ᠰᠤᠯᠠ ᠵᠠᠳᠠᠭᠠᠶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠲᠥᠪᠯᠡᠷᠡᠭᠦᠯᠦᠨ ᠴᠡᠭᠴᠡᠯᠡᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢᠨ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠠᠮ ᠤᠨ | ᠭᠡᠰᠢᠭᠦᠨ᠂ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ | ᠰᠢᠰᠲ᠋ᠧᠮ ᠢ ᠲᠡᠭᠦᠯᠳᠡᠷᠵᠢᠭᠦᠯᠵᠦ᠂ ᠲᠤᠰᠬᠤᠨ ᠤ ᠺᠠᠳ᠋ᠷ ᠢᠯᠠᠩᠭᠤᠶ᠎ᠠ ︽ᠭᠠᠭᠴᠠᠭᠠᠷ ᠬᠤᠶᠠᠷ ᠲᠤᠰᠢᠶᠠᠯ ᠡᠭᠦᠷᠭᠡᠯᠡᠬᠦ︾ | ᠠᠵᠢᠯᠲᠠᠨ ᠤ ᠬᠠᠮᠢᠶᠠᠷᠤᠯᠲᠠ ᠬᠢᠨᠠᠯᠲᠠ ᠶᠢ ᠴᠢᠩᠭᠠᠳᠬᠠᠨ᠎ᠠ᠃ ᠲᠣᠰᠬᠤᠨ ᠤ ᠶᠠᠪᠤᠳᠠᠯ ᠢ ᠢᠯᠡ ᠪᠣᠯᠭᠠᠬᠤ ᠪᠠ | ᠠᠷᠠᠳᠴᠢᠯᠠᠯ ᠢᠶᠠᠷ ᠬᠡᠷᠡᠭ ᠵᠥᠪᠯᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠴᠢᠨ ᠲᠦᠮᠡᠨ ᠤ | ᠲᠣᠰᠬᠤᠨ ᠤ ᠱᠠᠲᠤᠨ ᠤ ᠬᠡᠷᠡᠭ ᠵᠥᠪᠯᠡᠬᠦ ᠵᠥᠪᠯᠡᠯᠭᠡᠨ ᠳᠤ ᠣᠯᠠᠨ ᠠᠷᠭ᠎ᠠ ᠵᠠᠮ ᠢᠶᠠᠷ ᠣᠷᠣᠯᠴᠠᠬᠤ ᠶᠢ ᠲᠡᠮᠵᠢᠨ᠎ᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠤᠨ ᠢᠯᠵᠢᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠰᠬᠤᠨ ᠳᠤ ᠴᠠᠭᠳᠠᠨ | ᠪᠠᠶᠢᠴᠠᠭᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ | ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ | ᠵᠢᠷᠤᠮᠵᠢᠯ ᠢ ᠨᠠᠷᠢᠯᠢᠬᠵᠢᠭᠤᠯᠤᠨ ᠲᠡᠭᠦᠯᠳᠡᠷᠵᠢᠭᠦᠯᠦᠨ᠎ᠡ᠃ ︵ᠬᠤᠷᠢᠨ ᠨᠢᠭᠡ︶ ᠬᠡᠯᠪᠡᠷᠢᠴᠢ ᠦᠵᠡᠯ ᠢ | ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠰᠢᠶᠠᠩ ᠪᠠᠯᠭᠠᠰᠤ | ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠶᠢ ᠪᠥᠬᠦ | ᠲᠠᠯ᠎ᠠ ᠪᠠᠷ ᠪᠠᠶᠢᠭᠤᠯᠵᠤ᠂ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠶᠢ | ᠴᠢᠩᠭᠠᠷᠠᠭᠤᠯᠤᠨ᠂ ᠬᠥᠳᠡᠯᠦᠩᠭᠦᠶ ᠪᠠᠷ ᠲᠣᠬᠢᠷᠠᠭᠤᠯᠬᠤ ᠲᠣᠭᠲᠡᠴᠡ ᠶᠢ ᠪᠦᠷᠢᠨᠰᠢᠭᠦᠯᠦᠨ᠎ᠡ᠃ ᠰᠢᠶᠠᠨ ᠰᠢᠶᠠᠩ ᠠᠴᠠ | ᠵᠢᠭᠡᠯᠡᠵᠦ ᠠᠵᠢᠯᠯᠠᠭᠤᠯᠬᠤ ᠠᠵᠢᠯᠲᠠᠨ ᠢ ᠴᠢᠩᠭ᠎ᠠ ᠬᠠᠮᠢᠶᠠᠷᠤᠨ ᠡᠵᠡᠮᠳᠡᠬᠦ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠡᠴᠡ ᠶᠢ ᠪᠦᠷᠢᠨᠰᠢᠭᠦᠯᠦᠨ᠎ᠡ᠃ ᠦᠨᠳᠦᠰᠦᠨ ᠱᠠᠲᠤᠨ ᠳᠤ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ | ᠬᠢᠨᠠᠨ ᠰᠢᠯᠭᠠᠬᠤ ᠠᠵᠢᠯ ᠥᠷᠨᠢᠭᠦᠯᠬᠦ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠳᠤ ᠬᠤᠯᠪᠣᠭᠳᠠᠭᠰᠠᠨ ᠬᠢᠨᠠᠨ | ᠰᠢᠯᠭᠠᠯᠲᠠ ᠶᠢ ᠴᠣᠮᠬᠠᠳᠬᠠᠨ ᠰᠢᠯᠢᠳᠡᠭᠵᠢᠭᠦᠯᠦᠨ᠎ᠡ᠃ ︽ᠨᠢᠭᠡ ᠪᠢᠯᠧᠲ ᠢᠶᠠᠷ ᠦᠭᠡᠶᠢᠰᠭᠡᠬᠦ︾ ᠪᠠ | ᠬᠠᠷᠢᠭᠤᠴᠠᠯᠭ᠎ᠠ ᠶᠢᠨ ᠪᠢᠴᠢᠭ ᠲᠣᠭᠲᠠᠬᠤ ᠵᠦᠢᠯᠡᠰ ᠢ ᠢᠯᠭᠠᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠦᠨᠳᠦᠰᠦᠨ ᠱᠠᠲᠤᠨ ᠳᠤ ᠬᠠᠨᠳᠤᠭᠤᠯᠤᠭᠰᠠᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠳᠡᠰ ᠳᠠᠷᠠᠭᠠᠯᠠᠯ ᠢ ᠴᠡᠪᠡᠷᠯᠡᠨ | ᠨᠡᠶᠢᠳᠭᠡᠵᠦ᠂ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠲᠤᠤᠷᠴᠢᠯᠠᠭᠰᠠᠨ ᠵᠠᠰᠠᠯᠲᠠ ᠶᠢᠨ ︽ᠣᠯᠠᠨ | ᠲᠤᠤᠷ ᠢ ᠨᠢᠭᠡᠳᠭᠡᠬᠦ︾ ᠶᠢ ᠠᠬᠢᠭᠤᠯᠤᠨ᠎ᠠ᠃ ︽ᠳᠡᠭᠡᠷ᠎ᠡ ᠱᠠᠲᠤ ᠶᠢᠨ ᠬᠢ ᠶᠢ ᠬᠠᠰᠤᠵᠤ ᠳᠣᠷᠣᠭᠰᠢ ᠪᠠᠨ | ᠨᠥᠬᠦᠪᠥᠷᠢᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠲᠤᠭ᠎ᠠ ᠶᠢᠨ ᠡᠬᠢ ᠪᠠᠶᠠᠯᠢᠭ ᠢ ᠰᠢᠶᠠᠩ | ᠪᠠᠯᠭᠠᠰᠤ ︵ᠵᠡᠭᠡᠯᠢ ᠭᠤᠳᠤᠮᠵᠢ︶ ᠳᠠᠶᠢᠰᠢ ᠬᠡᠯᠪᠠᠶᠢᠯᠭᠡᠬᠦ ᠶᠢ ᠠᠬᠢᠭᠤᠯᠵᠤ᠂ ᠲᠥᠷᠥᠯ ᠬᠤᠪᠢᠶᠠᠨ ᠬᠠᠮᠢᠶᠠᠷᠬᠤ ᠶᠢ | ᠴᠢᠩᠭᠠᠳᠬᠠᠨ᠂ ᠨᠢᠭᠡᠳᠦᠯᠲᠡᠶ ᠲᠥᠯᠥᠪᠵᠢᠭᠦᠯᠦᠨ ᠬᠡᠷᠡᠭᠯᠡᠨ᠎ᠡ᠃ ︵ᠬᠤᠷᠢᠨ ᠬᠤᠶᠠᠷ︶ ᠪᠣᠯᠪᠠᠰᠤᠨ ᠬᠥᠳᠡᠭᠡ | ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ | ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠤᠯᠤᠰ | ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠪᠣᠯᠪᠠᠰᠤᠨ ᠬᠦᠳᠡᠭᠡ ᠳᠤᠰᠬᠤᠨ ᠤ ᠰᠤᠷᠲᠠᠯ ᠤᠨ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠠᠮ ᠤᠨ ᠰᠢᠨ᠎ᠡ ᠡᠭᠦᠳᠦᠯᠳᠡ ᠶᠢᠨ ᠤᠨᠤᠯ ᠢ ᠬᠥᠮᠦᠰ ᠤᠨ | ᠰᠡᠳᠭᠢᠯ ᠳᠤ ᠨᠡᠩ ᠬᠠᠳᠠᠩᠰᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ | ᠥᠷᠭᠡᠨ ᠢᠶᠠᠷ ᠦᠢᠯᠡᠳᠦᠯᠭᠡᠵᠢᠭᠦᠯᠬᠦ ᠶᠢ ᠠᠬᠢᠭᠤᠯᠤᠨ᠎ᠠ᠃ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠣᠢ ᠪᠣᠯᠭᠠᠵᠤ᠂ | ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠦᠭᠭᠦᠨ᠎ᠡ︾ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠵᠦ᠂ ᠡᠶ᠎ᠡ ᠨᠠᠶᠢᠷᠠᠮᠳᠠᠭᠤ ᠭᠡᠷ ᠪᠦᠯᠢ ᠬᠢᠭᠡᠳ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ | ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ | ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠎ᠠ᠃ | ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠵᠤ᠂ | ᠬᠥᠳᠡᠭᠡ ᠲᠣᠰᠬᠤᠨ ᠤ ᠰᠣᠶᠣᠯ ᠤᠨ ᠦᠢᠯᠡᠴᠢᠯᠡᠭᠡ ᠪᠠ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ︽ | ᠰᠢ ᠵᠦᠴᠦᠭᠡ ᠶᠢ ᠬᠥᠳᠡᠭᠡ ᠲᠣᠰᠬᠤᠨ ᠳᠤ ᠬᠦᠷᠭᠡᠬᠦ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠤᠷᠤᠨ ᠨᠤᠲᠤᠭ ᠤᠨ ᠰᠣᠶᠣᠯ ᠤᠨ ᠴᠢᠳᠠᠪᠤᠷᠢᠲᠠᠨ ᠢ ᠲᠡᠳᠬᠦᠨ | ᠳᠡᠮᠵᠢᠬᠦ ᠶᠢ ᠴᠢᠩᠭᠠᠳᠬᠠᠨ᠂ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ | ᠡᠷᠡᠭᠦᠯ ᠢᠶᠠᠷ ᠬᠥᠭᠵᠢᠬᠦ ᠶᠢ ᠬᠦᠳᠦᠯᠦᠨ ᠵᠢᠯᠣᠭᠤᠳᠤᠨ᠎ᠠ᠃ ᠤᠯᠠᠮᠵᠢᠯᠠᠯᠲᠤ ᠠᠶᠢᠯ ᠲᠣᠰᠬᠤᠨ ᠤ ᠣᠨᠴᠠᠯᠢᠭᠲᠤ | ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ | ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠂ | ᠬᠥᠳᠡᠭᠡ ᠲᠣᠰᠬᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠭᠦᠨᠵᠡᠭᠡᠶ | ᠬᠡᠷᠡᠭᠵᠢᠭᠦᠯᠦᠨ᠎ᠡ᠃ ︵ᠬᠤᠷᠢᠨ ᠭᠤᠷᠪᠠ︶ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ | ᠠᠬᠢᠭᠤᠯᠤᠨ᠎ᠠ᠃ ᠬᠥᠳᠡᠭᠡ ᠲᠣᠰᠬᠤᠨ ᠤ ᠶᠡᠭᠡ ᠬᠡᠮᠵᠢᠶᠡᠨ ᠤ ᠪᠣᠭᠲᠣᠯᠠᠬᠤ ᠪᠡᠯᠡᠭ ᠤᠨ ᠠᠰᠠᠭᠤᠳᠠᠯ ᠢ ᠶᠡᠷᠦᠩᠬᠡᠶᠢᠯᠡᠨ | ᠵᠠᠰᠠᠬᠤ ᠶᠢ ᠠᠬᠢᠭᠤᠯᠵᠤ᠂ ᠡᠮᠡᠭᠲᠡᠶᠢᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠵᠣᠬᠢᠶᠠᠨ | ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠤᠷᠤᠭᠯᠠᠵᠤ ᠪᠤᠯᠬᠤ ᠬᠦᠮᠦᠰ ᠲᠤ | ᠦᠵᠡᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠷᠤᠭ ᠢᠨᠠᠭ ᠤᠨ ᠦᠢᠯᠡᠴᠢᠯᠡᠭᠡ ᠪᠠ ᠬᠠᠶᠢᠷ᠎ᠠ ᠬᠠᠯᠠᠮᠵᠢ ᠶᠢ | ᠴᠢᠩᠭᠠᠳᠬᠠᠨ᠎ᠠ᠃ ᠤᠷᠤᠭ ᠤᠨ ᠬᠠᠪᠰᠤᠷᠤᠨ ᠮᠡᠬᠡᠯᠡᠭᠴᠢ ᠤᠷᠤᠭ ᠮᠡᠬᠡᠯᠡᠭᠴᠢ ᠵᠡᠷᠭᠡ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠨᠡᠮᠡᠭᠳᠡᠭᠦᠯᠦᠨ᠎ᠡ᠃ ᠳᠡᠭᠡᠳᠦᠰ ᠤᠨ ᠰᠦᠮ᠎ᠡ ᠶᠢᠨ | ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠮᠢ ᠠᠬᠤᠢ ᠶᠢᠨ ᠣᠷᠣᠰᠢᠭᠤᠯᠭ᠎ᠠ ᠶᠢᠨ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠨᠠᠶᠢᠷ ᠲᠠᠯ᠎ᠠ ᠬᠠᠷᠠᠵᠤ ᠠᠳᠠᠭᠠᠷᠬᠠᠬᠤ᠂ ᠶᠡᠭᠡ ᠪᠠᠷ ᠪᠡᠯᠡᠳᠬᠡᠵᠦ ᠶᠡᠭᠡ ᠪᠠᠷ ᠬᠢᠬᠦ᠂ | ᠳᠦᠭᠦᠮᠬᠡᠨ ᠠᠰᠠᠷᠠᠵᠤ ᠬᠦᠨᠳᠦ ᠪᠠᠷ ᠤᠷᠤᠰᠢᠭᠤᠯᠬᠤ᠂ ᠳᠤᠷ᠎ᠠ ᠪᠠᠷ ᠣᠷᠣᠰᠢᠭᠤᠯᠬᠤ ᠵᠡᠷᠭᠡ ᠲᠤᠪᠤᠶᠢᠮ᠎ᠠ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠢᠵᠠᠭᠠᠷᠯᠠᠬᠤ ᠴᠢᠨᠠᠷᠲᠠᠢ ᠵᠢᠷᠤᠮᠵᠢᠯ ᠪᠠ ᠰᠠᠨᠠᠭᠠᠴᠢᠯᠠᠬᠤ | ᠴᠢᠨᠠᠷᠲᠠᠢ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠲᠣᠭᠯᠠᠯᠲᠠ ᠶᠢᠨ ᠵᠠᠬ᠎ᠠ ᠳᠡᠯᠭᠡᠭᠦᠷ ᠢ | ᠵᠢᠷᠤᠮᠵᠢᠭᠤᠯᠵᠤ᠂ ᠪᠣᠯᠬᠢ ᠪᠦᠳᠦᠭᠦᠯᠢᠭ ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠶ ᠴᠡᠭᠴᠡᠯᠡᠨ ᠵᠠᠰᠠᠨ᠎ᠠ᠃ | ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ | ᠴᠢᠩᠭᠠᠳᠬᠠᠵᠤ᠂ ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠨ᠎ᠡ᠃ ︵ᠬᠤᠷᠢᠨ ᠳᠥᠷᠪᠡ︶ ᠬᠥᠳᠡᠭᠡ | ᠲᠣᠰᠬᠤᠨ ᠤ ᠠᠮᠤᠷ ᠲᠣᠭᠲᠠᠭᠤᠨ ᠢ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ | ᠶᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠣᠰᠬᠤᠨ ᠤ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠵᠢᠯᠴᠠᠨ ᠰᠢᠢᠳᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠢᠳᠡᠪᠬᠢᠲᠡᠢ ᠡᠷᠡᠭᠦᠯ ᠰᠠᠷᠠᠭᠤᠯ ᠨᠡᠶᠢᠭᠡᠮ ᠤᠨ ᠠᠭᠤᠷ ᠠᠮᠢᠰᠬᠤᠯ ᠢ ᠪᠤᠢ | ᠪᠣᠯᠭᠠᠨ᠎ᠠ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ | ᠲᠣᠭᠲᠠᠴᠠ ᠶᠢ ᠪᠦᠷᠢᠨᠰᠢᠭᠦᠯᠵᠦ᠂ ︽ᠭᠠᠴᠠᠭ᠎ᠠ ᠲᠣᠰᠬᠤᠨ ᠤ ᠡᠵᠡᠷᠬᠡᠭᠴᠢ︾᠂ ᠲᠥᠷᠥᠯ ᠤᠭᠰᠠᠭ᠎ᠠ ᠤᠪᠤᠭ | ᠲᠦᠷᠦᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠦᠨ ᠳᠡᠯᠭᠡᠷᠡᠬᠦ ᠶᠢ ᠰᠡᠷᠭᠡᠶᠢᠯᠡᠨ ᠬᠤᠷᠢᠭᠯᠠᠨ᠎ᠠ᠃ | ᠬᠥᠳᠡᠭᠡ ᠲᠣᠰᠬᠤᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ | ᠲᠣᠰᠬᠤᠨ ᠤ ᠵᠣᠭᠤᠰ ᠨᠠᠭᠠᠳᠬᠤ ᠠᠵᠢᠯᠯᠠᠭ᠎ᠠ ᠳᠤ ᠭᠦᠨᠵᠡᠭᠡᠢ ᠴᠣᠬᠢᠯᠲᠠ ᠥᠭᠴᠦ ᠴᠡᠭᠴᠡᠯᠡᠨ ᠵᠠᠰᠠᠵᠤ᠂ ᠬᠥᠳᠡᠭᠡ | ᠲᠣᠰᠬᠤᠨ ᠤ ᠬᠤᠣᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠢ ᠪᠣᠯᠭᠠᠵᠤ᠂ | ᠲᠠᠷᠢᠶᠠᠯᠠᠩ ᠳᠤ ᠬᠤᠯᠪᠣᠭᠳᠠᠭᠰᠠᠨ ᠬᠦᠷᠢᠶᠡᠨ ᠳᠠᠬᠢ ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ ᠵᠡᠷᠭᠡ ᠠᠵᠤ | ᠠᠬᠤᠢ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠥᠳᠡᠭᠡ ᠲᠣᠰᠬᠤᠨ ᠤ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠬᠥᠳᠡᠭᠡ | ᠲᠣᠰᠬᠤᠨ ᠤ ᠵᠠᠮ ᠬᠠᠷᠢᠯᠴᠠᠭ᠎ᠠ᠂ ᠰᠢᠲᠠᠮᠠᠬᠠᠶ ᠬᠡᠶ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠥᠪᠡᠷ ᠢᠶᠠᠨ ᠬᠡᠷ | ᠪᠠᠷᠢᠬᠤ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ | ᠡᠵᠡᠮᠳᠡᠬᠦ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠵᠢᠷᠭᠤᠭ᠎ᠠ᠂ ᠡᠯᠧᠮᠧᠨ᠋ᠲ ᠢ | ᠪᠠᠲᠤᠯᠠᠬᠤ ᠪᠠ ᠲᠤᠬᠢᠷᠠᠭᠤᠯᠭ᠎ᠠ ᠰᠢᠯᠢᠳᠡᠭᠵᠢᠬᠦᠯᠬᠦ ᠪᠠᠶᠢᠭᠤᠯᠤᠯ ᠲᠣᠭᠲᠠᠴᠠ ᠶᠢ ᠬᠦᠴᠦᠯᠡᠨ ᠪᠦᠷᠢᠨᠰᠢᠭᠦᠯᠤᠨ᠎ᠠ | ︵ᠬᠤᠷᠢᠨ ᠲᠠᠪᠤ︶ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ | ᠲᠣᠭᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ︽ᠶᠡᠷᠦᠩᠭᠡᠢ ᠳᠡᠭᠡᠨ ᠲᠣᠭᠲᠠᠭᠤᠨ ᠪᠠᠶᠢᠯᠭᠠᠵᠤ᠂ ᠪᠠᠭ᠎ᠠ | ᠲᠣᠬᠢᠷᠠᠭᠤᠯᠤᠯᠲᠠ ᠬᠢᠬᠦ︾ ᠶᠢ ᠪᠠᠷᠢᠮᠲᠠᠯᠠᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ | ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠲᠤᠳᠬᠠᠬᠤ ᠲᠤᠷᠰᠢᠯᠲᠠ ᠶᠢ ᠡᠮᠬᠢ | ᠵᠢᠷᠤᠮ ᠲᠠᠢ ᠪᠠᠷ ᠠᠬᠢᠭᠤᠯᠵᠤ᠂ ᠪᠦᠬᠦᠯᠢ ᠮᠤᠵᠢ ᠪᠠᠷ ᠢᠶᠠᠨ ᠲᠤᠷᠰᠢᠯᠲᠠ ᠬᠢᠬᠦ ᠬᠡᠪᠴᠢᠶ᠎ᠡ ᠶᠢ ᠥᠷᠭᠡᠳᠭᠡᠨ᠂ | ᠤᠷᠲᠤᠳᠬᠠᠨ ᠳᠠᠭᠠᠭᠠᠴᠢᠯᠠᠭᠤᠯᠬᠤ ᠳᠤᠮᠳᠠᠬᠢ ᠵᠥᠷᠢᠴᠡᠯ ᠵᠠᠭᠤᠷᠠᠯᠳᠤᠭᠠᠨ ᠢ ᠲᠣᠬᠢᠲᠠᠶ ᠨᠠᠮᠳᠠᠭᠤᠯᠵᠤ᠂ ᠵᠣᠩᠬᠢᠯᠠᠬᠤ | ᠣᠯᠠᠨ ᠲᠣᠭᠠᠨ ᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠭᠰᠠᠨ ᠭᠠᠵᠠᠷ ᠢ ᠶᠡᠷᠦᠩᠬᠡᠶ ᠳᠤᠨᠢ ᠤᠷᠲᠤᠳᠬᠠᠬᠤ ᠪᠠ | ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠳᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠯᠲᠡ ᠶᠢᠨ | ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠷᠢᠮ ᠢ ᠪᠦᠷᠢᠨᠰᠢᠬᠦᠯᠵᠤ᠂ ᠭᠦᠢᠴᠡᠳᠭᠡᠬᠦ ᠲᠤᠭ᠎ᠠ | ᠪᠠᠭᠤᠯᠭᠠᠬᠤ᠂ ᠡᠭᠦᠷᠭᠡ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠭᠠᠵᠠᠷ ᠰᠢᠷᠣᠢ ᠶᠢᠨ ᠡᠷᠭᠢᠯᠲᠡ ᠶᠢ ᠠᠬᠢᠭᠤᠯᠵᠤ | ᠪᠣᠯᠬᠤ ᠦᠭᠡᠢ᠃ ᠡᠷᠭᠢᠯᠲᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ᠂ ᠪᠣᠳᠠᠲᠤ ᠶᠠᠭᠤᠮ᠎ᠠ ᠪᠠᠷ ᠲᠦᠷᠢᠶᠡᠰᠦᠯᠡᠬᠦ | ᠵᠡᠷᠭᠡ ᠠᠷᠭ᠎ᠠ ᠮᠠᠶ᠋ᠢᠭ ᠢ ᠨᠡᠶᠢᠲᠡᠯᠡᠬᠦ ᠪᠠᠷ ᠳᠠᠮᠵᠢᠨ᠂ ᠡᠷᠭᠢᠯᠲᠡ ᠶᠢᠨ ᠵᠠᠷᠤᠳᠠᠯ ᠢ ᠵᠦᠶ ᠵᠣᠬᠢᠰᠲᠠᠶ ᠬᠡᠪᠴᠢᠶᠡᠨ ᠳᠤ | ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ | ᠴᠣᠭᠴᠠ ᠶᠢ ᠪᠤᠶᠢᠵᠢᠭᠤᠯᠤᠨ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃ | ︵ᠬᠤᠷᠢᠨ ᠵᠢᠷᠭᠤᠭ᠎ᠠ︶ ᠬᠥᠳᠡᠭᠡ ᠲᠣᠰᠬᠤᠨ ᠤ ᠡᠬᠢ ᠪᠠᠶᠠᠯᠢᠭ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ | ᠰᠠᠶᠢᠲᠤᠷ ᠬᠡᠷᠡᠭᠯᠡᠨ᠎ᠡ᠃ ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠭᠰᠠᠨ ᠭᠡᠷ ᠪᠠᠶᠢᠰᠢᠩ ᠤᠨ | ᠰᠠᠭᠤᠷᠢ ᠭᠠᠵᠠᠷ ᠤᠨ ᠦᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠨ᠎ᠠ᠃ ᠲᠠᠷᠢᠶᠠᠴᠢᠨ ᠡᠷᠦᠬᠡ ᠬᠠᠤᠯᠢ ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ | ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠠᠮᠢᠳᠤᠯᠢᠭᠵᠢᠭᠤᠯᠤᠨ ᠠᠰᠢᠭᠯᠠᠬᠤ ᠶᠢ | ᠪᠦᠲᠦᠮᠵᠢᠲᠡᠶ ᠪᠡᠶᠡᠯᠡᠭᠳᠡᠬᠦ ᠬᠡᠯᠪᠡᠷᠢ ᠶᠢ ᠰᠦᠪᠡᠭᠴᠢᠯᠡᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠬᠥᠳᠡᠭᠡ | ᠲᠣᠰᠬᠤᠨ ᠠᠴᠠ ᠲᠠᠷᠢᠶᠠᠴᠢᠨ ᠤ ᠭᠡᠷ ᠪᠠᠶᠢᠰᠢᠩ᠂ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠬᠤ ᠶᠢ | ᠵᠥᠪᠰᠢᠶᠡᠷᠡᠬᠦ ᠦᠭᠡᠢ᠂ ᠠᠵᠢᠯ ᠠᠴᠠ ᠪᠠᠨ ᠠᠮᠠᠷᠠᠭᠰᠠᠨ ᠺᠠᠳ᠋ᠷ ᠬᠥᠳᠡᠭᠡ ᠲᠣᠰᠬᠤᠨ ᠳᠤ ᠣᠴᠢᠵᠤ ᠭᠠᠵᠠᠷ ᠡᠵᠡᠯᠡᠨ | ᠭᠡᠷ ᠪᠠᠷᠢᠬᠤ ᠶᠢ ᠵᠥᠪᠰᠢᠶᠡᠷᠡᠬᠦ ᠦᠭᠡᠢ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ | ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠡᠮᠬᠢ | ᠵᠢᠷᠤᠮ ᠲᠠᠢ ᠪᠠᠷ ᠠᠬᠢᠭᠤᠯᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠪᠠ ᠡᠷᠬᠡ ᠠᠰᠢᠭ ᠢ ᠬᠠᠮᠠᠭᠠᠯᠠᠬᠤ | ᠲᠣᠭᠲᠠᠴᠠ ᠶᠢ ᠪᠦᠷᠢᠨᠰᠢᠭᠦᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ | ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠠᠮᠲᠤ ᠶᠢᠨ ᠣᠷᠣᠯᠭ᠎ᠠ ᠳᠤ ᠠᠯᠪᠠ ᠪᠠᠷ | ᠬᠠᠷᠠᠯᠲᠠ ᠲᠤᠭᠳᠠᠭᠠᠬᠤ ᠦᠭᠡᠢ᠂ ᠬᠠᠮᠲᠤ ᠶᠢᠨ ᠡᠵᠡᠩᠨᠡᠯᠲᠡ ᠶᠢᠨ ᠠᠶᠤᠯ ᠲᠦᠭᠰᠢᠭᠦᠷᠢ ᠪᠠ ᠥᠷᠢ ᠥᠭᠴᠡᠭᠡ ᠶᠢ | ᠴᠢᠩᠭ᠎ᠠ ᠬᠢᠵᠠᠭᠠᠷᠯᠠᠨ᠎ᠠ᠃ ᠬᠥᠳᠡᠭᠡ ᠲᠣᠰᠬᠤᠨ ᠤ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ ᠪᠠ ᠡᠬᠢ | ᠪᠠᠶᠠᠯᠢᠭ ᠤᠨ ᠬᠠᠮᠢᠶᠠᠷᠤᠯᠲᠠ ᠶᠢᠨ ᠲᠤᠰᠬᠠᠶ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠬᠤ ᠪᠠ ᠵᠦᠢ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃ | ︵ᠬᠤᠷᠢᠨ ᠳᠣᠯᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠯᠠ ᠣᠷᠣᠭᠤᠯᠵᠤ ᠪᠠᠯᠠ | ᠳᠣᠭᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠦᠳᠡᠭᠡ ᠠᠵᠤ ᠠᠬᠤᠢ ᠬᠥᠳᠡᠭᠡ ᠲᠣᠰᠬᠤᠨ ᠤ | ᠬᠦᠷᠢᠶᠡᠨ ᠳᠠᠬᠢ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠭᠤᠯᠤᠯᠲᠠ ᠶᠢ ᠤᠷᠢᠳ ᠢᠶᠠᠷ ᠪᠠᠲᠤᠯᠠᠵᠤ᠂ | ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠷ ᠤᠷᠮᠠᠰᠢᠭᠤᠯᠤᠨ ᠬᠢᠵᠠᠭᠠᠷᠯᠠᠬᠤ ᠶᠢ ᠴᠢᠩᠭᠠᠳᠬᠠᠨ᠎ᠠ᠃ | ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠭᠡᠳᠦ ᠣᠷᠳᠣ ᠬᠤᠭᠤᠴᠠᠭᠠᠨ ᠤ ᠤᠯᠤᠰ ᠤᠨ | ᠣᠨᠴᠠᠭᠠᠶ ᠵᠢᠭᠡᠯᠡᠯᠭᠡ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ | ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠤᠰ | ᠰᠣᠯᠢᠵᠤ ᠠᠪᠬᠤ᠂ ᠬᠠᠳᠠᠭᠠᠯᠠᠮᠵᠢ ᠶᠢᠨ ᠪᠡᠯᠡᠳᠭᠡᠯ ᠮᠥᠩᠭᠦᠨ ᠤ ᠵᠥᠷᠢᠶᠡᠲᠦ ᠨᠣᠷᠮ᠎ᠠ ᠵᠡᠷᠭᠡ ᠵᠣᠭᠤᠰᠣᠨ ᠤ | ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠪᠠᠯᠠ ᠮᠥᠩᠭᠦᠨ ᠤ ᠣᠷᠣᠭᠤᠯᠤᠯᠲᠠ ᠪᠠᠨ | ᠨᠡᠮᠡᠭᠳᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠬᠦᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠲᠤᠰᠬᠠᠢ ᠲᠥᠷᠥᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠠᠮᠵᠢᠨ᠎ᠠ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ | ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠠᠷᠢᠶᠠᠯᠠᠩ ᠳᠤ ᠬᠤᠯᠪᠣᠭᠳᠠᠬᠤ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠮᠠᠯ ᠵᠢᠭᠦᠷᠲᠡᠨ ᠤ | ᠠᠮᠢᠳᠤ ᠴᠣᠭᠴᠠ᠂ ᠲᠠᠷᠢᠶᠠᠯᠠᠩ ᠤᠨ ᠲᠥᠬᠦᠭᠡᠷᠦᠮᠵᠢ ᠵᠡᠷᠭᠡ ᠪᠠᠷᠢᠴᠠᠭᠠᠨ ᠤ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢ | ᠳᠡᠯᠭᠡᠷᠡᠭᠦᠯᠦᠨ᠎ᠡ᠃ ᠬᠥᠳᠡᠭᠡ ᠲᠣᠰᠬᠤᠨ ᠤ ᠳᠤᠮᠳᠠ ᠪᠠᠭ᠎ᠠ ᠪᠠᠩᠬᠢ ᠶᠢᠨ ᠲᠠᠷᠢᠶᠠᠯᠠᠩ ᠢ ᠳᠡᠮᠵᠢᠬᠦ ᠪᠠᠭ᠎ᠠ ᠠᠵᠤ | ᠠᠬᠤᠶᠢᠯᠠᠯ ᠢ ᠳᠡᠮᠵᠢᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠨᠢᠭᠡ ᠮᠤᠵᠢ ᠳᠤ ᠨᠢᠭᠡ ᠠᠷᠭ᠎ᠠ ᠪᠣᠳᠣᠯᠭ᠎ᠠ︾ | ᠪᠠᠷ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢ ᠲᠦᠷᠭᠡᠳᠬᠡᠵᠦ᠂ ᠭᠠᠴᠠᠭ᠎ᠠ | ᠪᠠᠯᠭᠠᠰᠤᠨ ᠤ ᠪᠠᠩᠬᠢ ᠶᠢᠨ ᠥᠭᠡᠷᠡᠴᠢᠯᠡᠯᠲᠡ ᠬᠢᠵᠦ ᠲᠠᠬᠢᠨ ᠵᠣᠬᠢᠶᠠᠨ ᠨᠡᠶᠢᠳᠭᠡᠬᠦ ᠠᠵᠢᠯ ᠢ ᠯᠠᠪᠳᠠᠭᠤᠨ ᠪᠥᠭᠡᠳ | ᠡᠮᠬᠢ ᠵᠢᠷᠤᠮ ᠲᠠᠢ ᠠᠬᠢᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠲᠠᠷᠢᠶᠠᠯᠠᠩ ᠤᠨ ᠳᠠᠭᠠᠳᠬᠠᠯ ᠤᠨ ᠰᠢᠰᠲ᠋ᠧᠮ ᠢ | ᠲᠡᠭᠦᠯᠳᠡᠷᠵᠢᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠬᠦᠭᠵᠢᠭᠦᠯᠬᠦ ᠶᠢ ᠳᠡᠮᠵᠢᠨ᠎ᠡ᠃ | ᠬᠥᠳᠡᠭᠡ ᠲᠣᠰᠬᠤᠨ ᠤ ᠡᠯ᠎ᠡ ᠵᠦᠢᠯ ᠤᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ | ᠴᠤᠬᠢᠯᠲᠠ ᠦᠭᠬᠦᠨ᠎ᠡ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢᠨ ᠵᠦᠢᠯᠡᠰ ᠤᠨ ᠪᠦᠬᠦ ᠶᠠᠪᠤᠴᠠ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠮᠡᠬᠡᠯᠡᠨ | ᠠᠪᠬᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠨ᠎ᠠ᠃ ︵ | ᠬᠤᠷᠢᠨ ᠨᠠᠢᠮᠠ︶ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠪᠠ ᠬᠥᠭᠵᠢᠭᠦᠯᠬᠦ ᠲᠣᠭᠲᠡᠴᠡ ᠶᠢ | ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ | ᠲᠥᠯᠥᠪᠯᠡᠭᠡ ᠶᠢ ᠬᠡᠷᠡᠭᠵᠢᠭᠦᠯᠵᠦ᠂ ᠲᠠᠷᠢᠶᠠᠴᠢᠳ ᠤᠨ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠢ | ᠴᠢᠩᠭᠠᠳᠬᠠᠵᠤ᠂ ᠬᠥᠳᠡᠭᠡ ᠲᠣᠰᠬᠤᠨ ᠤ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ | ᠬᠡᠷᠡᠭᠯᠡᠭᠡᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠬᠥᠳᠡᠭᠡ ᠲᠣᠰᠬᠤᠨ ᠤ ᠤᠷᠠᠨ ᠲᠠᠷᠬᠠᠨ ᠢ | ᠪᠤᠶᠢᠵᠢᠭᠤᠯᠬᠤ ᠢᠨᠵᠧᠨᠧᠷᠢᠩ ᠢ ᠠᠬᠢᠭᠤᠯᠤᠨ᠎ᠠ᠃ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ | ᠪᠣᠯᠭᠠᠵᠤ᠂ ᠲᠠᠷᠢᠶᠠᠯᠠᠩ ᠳᠤ ᠬᠤᠯᠪᠣᠭᠳᠠᠬᠤ ᠰᠢᠨᠵᠢᠯᠡᠭᠡᠨ ᠤ ᠲᠤᠰᠬᠠᠢ ᠮᠡᠷᠭᠡᠵᠢᠯ ᠢ ᠰᠢᠯᠢᠳᠡᠭᠵᠢᠭᠦᠯᠦᠨ | ᠲᠣᠬᠢᠷᠠᠭᠤᠯᠤᠨ᠎ᠠ᠃ ᠲᠠᠷᠢᠶᠠᠯᠠᠩ ᠳᠤ ᠬᠤᠯᠪᠣᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ | ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠲᠠᠷᠢᠶᠠᠯᠠᠩ ᠤᠨ ᠠᠵᠤ ᠠᠬᠤᠶᠢᠯᠠᠯ ᠵᠡᠷᠭᠡ ᠶᠢᠨ ᠠᠵᠤ | ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠤᠨ᠎ᠠ᠃ ︽ᠭᠤᠷᠪᠠ ᠶᠢ | ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠬᠴᠢ | ᠂ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ᠂ ᠣᠶᠤᠲᠠᠳ ᠤᠨ ᠪᠠᠷᠠᠭᠤᠨ ᠣᠷᠣᠨ ᠳᠤ ᠰᠠᠶᠢᠨ | ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠢ | ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠡᠮᠡᠭᠲᠡᠶᠢᠴᠦᠳ ᠤᠨ ᠬᠦᠰᠡᠯ ᠵᠡᠭᠦᠳᠦ ᠪᠠᠨ | ᠬᠥᠭᠡᠭᠡᠴᠡᠯᠳᠦᠭᠴᠢ ᠶᠢᠨ ᠲᠥᠯᠥᠪᠯᠡᠭᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤ | ᠨᠠᠰᠤᠨ ᠤ ᠭᠠᠪᠢᠶ᠎ᠠ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠥᠳᠡᠭᠡ ᠲᠣᠰᠬᠤᠨ ᠳᠤ ᠦᠨᠳᠦᠰᠦᠯᠡᠵᠦ ᠲᠠᠷᠢᠶᠠᠯᠠᠩ ᠢ ᠳᠡᠮᠵᠢᠨ | ᠲᠠᠷᠢᠶᠠᠴᠢᠳ ᠲᠤ ᠠᠰᠢᠭ ᠬᠦᠷᠲᠡᠭᠡᠬᠦ ᠶᠢ ᠳᠡᠮᠵᠢᠨ᠎ᠡ᠃ ᠣᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠢ | ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠤᠳᠠ ᠶᠢᠨ ᠴᠢᠳᠠᠪᠤᠷᠢᠲᠠᠨ ᠤ ᠬᠥᠳᠡᠭᠡ ᠲᠣᠰᠬᠤᠨ ᠳᠤ | ᠦᠢᠯᠡᠴᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠰᠢᠯᠭᠠᠨ ᠲᠤᠭᠲᠠᠭᠠᠬᠤ ᠤᠷᠢᠵᠤ ᠬᠡᠷᠡᠭᠯᠡᠬᠦ | ᠤᠷᠮᠠᠰᠢᠭᠤᠯᠬᠤ ᠲᠣᠭᠲᠡᠴᠡ ᠶᠢ ᠲᠡᠭᠦᠯᠳᠡᠷᠵᠢᠭᠦᠯᠦᠨ᠎ᠡ᠃ ︵ᠬᠤᠷᠢ ᠶᠢᠰᠦ︶ ᠣᠶ ᠰᠢᠭᠤᠢ᠂ ᠠᠲᠠᠷ | ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠵᠢᠬᠦᠯᠦᠨ ᠠᠬᠢᠭᠤᠯᠤᠨ᠎ᠠ᠃ ᠬᠠᠮᠲᠤ ᠶᠢᠨ ᠤᠢ ᠰᠢᠭᠤᠢ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠤᠢ ᠮᠣᠳᠣ ᠶᠢ ᠣᠭᠲᠣᠯᠬᠤ ᠬᠠᠮᠢᠶᠠᠷᠤᠯᠲᠠ ᠶᠢᠨ ᠳᠦᠷᠢᠮ ᠢ ᠲᠣᠬᠢᠷᠠᠭᠤᠯᠤᠨ | ᠰᠢᠯᠢᠳᠡᠭᠵᠢᠭᠦᠯᠵᠦ᠂ ᠡᠷᠬᠡᠲᠦ ᠬᠥᠮᠥᠨ ᠳᠤ ᠤᠢ ᠮᠣᠳᠣ ᠶᠢ ᠰᠶᠢᠳᠪᠦᠷᠢᠯᠡᠬᠦ ᠡᠷᠬᠡ ᠪᠠ ᠲᠡᠭᠦᠨ ᠠᠴᠠ ᠠᠰᠢᠭ ᠣᠯᠬᠤ | ᠡᠷᠬᠡ ᠶᠢ ᠨᠡᠩ ᠭᠦᠢᠴᠡᠳ ᠣᠯᠭᠤᠨ᠎ᠠ᠃ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠ ᠺᠣᠮᠫᠠᠨᠢ ᠶᠢ ᠵᠠᠰᠠᠬᠤ ᠵᠡᠷᠭᠡ ᠪᠠᠶᠢᠭᠤᠯᠤᠯ ᠲᠣᠭᠲᠡᠴᠡ ᠶᠢ | ᠪᠦᠷᠢᠨᠰᠢᠭᠦᠯᠦᠨ᠎ᠡ᠃ ᠤᠯᠤᠰ ᠤᠨ ᠥᠮᠴᠢᠯᠡᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠷᠬᠡ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠶᠢ ᠠᠬᠢᠭᠤᠯᠤᠨ᠎ᠠ᠃ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ | ᠲᠠᠲᠠᠭᠰᠠᠨ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ | ᠳᠡᠯᠭᠡᠷᠡᠭᠦᠯᠦᠨ ᠬᠡᠷᠡᠭᠯᠡᠨ᠎ᠡ᠃ | ︵ᠭᠤᠴᠢ︶ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ | ᠲᠣᠭᠲᠡᠴᠡ ᠶᠢ ᠪᠦᠷᠢᠨᠰᠢᠭᠦᠯᠦᠨ᠎ᠡ᠃ ᠰᠢᠯᠵᠢᠭᠦᠯᠦᠨ ᠲᠤᠭᠠᠴᠠᠭ᠎ᠠ ᠬᠢᠬᠦ᠂ ᠰᠢᠨ᠎ᠡ ᠪᠠᠷ ᠨᠡᠮᠡᠭᠳᠡᠭᠦᠯᠬᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢᠨ ᠪᠡᠯᠡ ᠣᠷᠣᠭᠤᠯᠤᠯᠲᠠ ᠵᠡᠷᠭᠡ ᠶᠢ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ | ᠠᠷᠠᠳ ᠪᠣᠯᠭᠠᠬᠤ ᠲᠠᠢ ᠬᠤᠯᠪᠣᠭᠳᠠᠭᠤᠯᠬᠤ ᠶᠢ ᠠᠬᠢᠭᠤᠯᠤᠨ᠎ᠠ᠃ ᠪᠦᠬᠦ ᠤᠯᠤᠰ ᠤᠨ ᠢᠯᠡ ᠪᠥᠭᠡᠳ ᠨᠢᠭᠡᠳᠦᠯᠲᠡᠢ | ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ | ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠭᠠᠵᠠᠷ ᠠᠴᠠ ᠡᠷᠦᠬᠡ ᠠᠮᠠ ᠶᠢᠨ ᠳᠠᠩᠰᠠ ᠶᠢ ᠳᠠᠩᠰᠠᠯᠠᠵᠤ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠦᠨ᠎ᠡ᠃ ᠨᠥᠬᠦᠴᠡᠯ ᠲᠠᠢ ᠬᠤᠳᠠ ᠶᠢᠨ | ᠲᠣᠭᠲᠠᠪᠤᠷᠢᠲᠠᠢ ᠠᠵᠢᠯ ᠣᠯᠵᠤ ᠠᠮᠢᠳᠤᠷᠠᠵᠤ ᠪᠠᠶᠢᠭ᠎ᠠ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ | ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠬᠡᠪᠴᠢᠶᠡᠨ ᠳᠤ ᠠᠯᠬᠤᠮ | ᠠᠯᠬᠤᠮ ᠢᠶᠠᠷ ᠣᠷᠣᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ ᠣᠴᠢᠭᠰᠠᠨ | ᠭᠠᠵᠠᠷ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠬᠤ ᠬᠠᠷᠢᠴᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠠᠵᠢᠯ ᠣᠯᠣᠭᠰᠠᠨ ᠭᠠᠵᠠᠷ ᠤᠨ ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ | ᠪᠥᠬᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠬᠤᠳᠠ ᠳᠤ ᠡᠷᠦᠭᠡ ᠠᠮᠠ ᠪᠠᠨ ᠣᠷᠣᠭᠤᠯᠤᠭᠰᠠᠨ ᠲᠠᠷᠢᠶᠠᠴᠢᠳ ᠤᠨ | ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠬᠡ᠂ ᠭᠡᠷ ᠪᠠᠶᠢᠰᠢᠩ ᠤᠨ ᠰᠠᠭᠤᠷᠢ ᠭᠠᠵᠠᠷ ᠢ ᠬᠡᠷᠡᠭᠯᠡᠬᠦ ᠡᠷᠬᠡ᠂ | ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠰᠠᠶᠢᠨ | ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃ | ᠬᠥᠳᠡᠭᠡ ᠲᠣᠰᠬᠤᠨ ᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠡᠷᠬᠡᠪᠰᠢ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠶᠢᠳᠪᠦᠷᠢᠯᠡᠬᠦ ᠶᠢ ᠪᠦᠬᠦ ᠨᠠᠮ ᠤᠨ ᠠᠵᠢᠯ ᠤᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠵᠤ᠂ | ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠡᠴᠡ ᠶᠢ ᠲᠡᠭᠦᠯᠳᠡᠷᠵᠢᠭᠦᠯᠵᠦ᠂ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ | ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ︽ᠮᠢᠩᠭ᠎ᠠ ᠲᠦᠮᠨ ᠶᠢᠨ ᠢᠨᠵᠧᠨᠧᠷᠢᠩ︾ ᠤᠨ ᠲᠤᠷᠰᠢᠯᠭ᠎ᠠ ᠶᠢ | ᠰᠤᠷᠤᠯᠴᠠᠨ ᠬᠡᠷᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠡᠴᠡ ᠶᠢ | ᠪᠦᠷᠢᠨᠰᠢᠭᠦᠯᠬᠦ ᠬᠡᠷᠡᠭᠲᠡᠢ᠃ ᠲᠡᠦᠬᠡ ᠶᠢᠨ ᠬᠦᠯᠢᠴᠡᠩᠭᠦᠢ ᠤᠪᠤᠷ ᠢ ᠪᠠᠷᠢᠮᠳᠠᠯᠠᠵᠦ᠂ ᠴᠢᠳᠠᠯ ᠤᠨ ᠬᠢᠷᠢ ᠪᠠᠷ ᠢᠶᠠᠨ | ᠴᠢᠷᠮᠠᠶᠢᠵᠤ᠂ ᠴᠢᠳᠠᠯ ᠢᠶᠠᠷ ᠢᠶᠠᠨ ᠬᠢᠵᠦ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠭᠤᠣᠯᠳᠠᠯᠭ᠎ᠠ ᠲᠠᠢ | ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠵᠤ᠂ ᠲᠠᠷᠢᠶᠠᠴᠢᠨ ᠤᠯᠠᠨ ᠲᠦᠮᠡᠨ ᠳᠤ ᠨᠢᠳᠤᠨ ᠳᠤ | ᠦᠵᠡᠭᠳᠡᠵᠦ ᠭᠠᠷ ᠲᠤ ᠪᠠᠷᠢᠬᠳᠠᠬᠤ ᠪᠣᠳᠠᠲᠠᠢ ᠠᠰᠢᠭ ᠲᠤᠰᠠ ᠬᠦᠷᠲᠡᠭᠡᠬᠦ ᠬᠡᠷᠡᠭᠲᠡᠢ᠃ ︽ᠳᠥᠷᠪᠡ ᠶᠢ ᠦᠨᠳᠦᠰᠦᠨ | ᠱᠠᠲᠤᠨ ᠳᠤ ᠪᠠᠭᠤᠯᠭᠠᠬᠤ︾ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ | ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ | ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠎ᠠ᠃ ᠬᠥᠳᠡᠭᠡ ᠲᠣᠰᠬᠤᠨ ᠤ ᠪᠣᠳᠠᠲᠤ ᠪᠠᠶᠢᠳᠠᠯ ᠠᠴᠠ ᠡᠭᠦᠰᠬᠦ ᠶᠢ | ᠪᠠᠷᠢᠮᠲᠠᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠠᠵᠢᠯᠯᠠᠬᠤ ᠠᠷᠭ᠎ᠠ ᠮᠠᠶ᠋ᠢᠭ ᠪᠠ | ᠠᠷᠭ᠎ᠠ ᠪᠠᠨ ᠰᠠᠶᠢᠵᠢᠷᠠᠭᠤᠯᠤᠨ᠂ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠳᠥᠭᠦᠮᠴᠢᠯᠡᠬᠦ ᠪᠠ ︽ᠨᠢᠭᠡ | ᠯᠡ ᠠᠳᠠᠯᠢ ᠪᠠᠷ ᠬᠢᠬᠦ︾ ᠶᠢ ᠰᠡᠷᠭᠡᠶᠢᠯᠡᠨ ᠬᠤᠷᠢᠭᠯᠠᠨ᠎ᠠ᠃ ᠡᠯ᠎ᠡ ᠭᠠᠵᠠᠷ ᠤᠨ ᠦᠢᠯᠡᠳᠦᠯᠭᠡ ᠶᠢᠨ ᠰᠦᠪᠡᠭᠴᠢᠯᠡᠯᠲᠡ | ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ | ᠪᠠ ᠲᠠᠷᠢᠶᠠᠴᠢᠨ ᠤᠯᠠᠨ ᠲᠦᠮᠡᠨ ᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠬᠥᠳᠡᠭᠡ ᠲᠣᠰᠬᠤᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠨᠡᠨ | ᠬᠦ ᠠᠳᠬᠤᠨ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠴᠢᠷᠮᠠᠶᠢᠵᠤ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠠᠭᠤᠷᠢ ᠶᠢ | ᠨᠡᠩ ᠪᠠᠲᠤᠳᠬᠠᠵᠤ᠂ ᠬᠥᠳᠡᠭᠡ ᠲᠣᠰᠬᠤᠨ ᠢ ᠨᠡᠩ ᠴᠡᠴᠡᠭᠯᠡᠭᠦᠯᠵᠦ᠂ ᠲᠠᠷᠢᠶᠠᠴᠢᠳ ᠤᠨ ᠠᠮᠢᠳᠤᠷᠠᠯ ᠢ ᠨᠡᠩ | ᠬᠥᠭᠵᠢᠶᠡᠨᠲᠡᠢ ᠪᠣᠯᠭᠠᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠵᠠᠭᠠᠶ᠎ᠠ᠃ | |