ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤᠨ ᠤ ᠪᠠᠶᠠᠨᠬᠠᠳᠠ ᠭᠠᠴᠠᠭᠠᠨ ᠳᠤ᠂ ᠡᠶᠢᠮᠦ ᠨᠢᠭᠡᠨ ᠭᠠᠴᠠᠭ᠎ᠠ | ᠲᠣᠰᠬᠤᠨ ᠤ ᠡᠮᠴᠢ ᠪᠠᠶᠢᠳᠠᠭ - ᠲᠡᠭᠦᠨ ᠢ ᠪᠢᠩ ᠬᠤᠩ ᠮᠧᠢ ᠭᠡᠳᠡᠭ᠃ ᠲᠡᠷᠡ ᠡᠭᠡᠯ ᠠᠷᠠᠳ ᠤᠨ ᠡᠷᠡᠭᠦᠯ | ᠮᠡᠨᠳᠦ ᠶᠢ ᠬᠠᠮᠠᠭᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ | ᠡᠮᠡᠭᠲᠡᠶᠢᠴᠦᠳ ᠤᠨ ᠬᠦᠴᠦᠨ ᠢ ᠲᠠᠶᠢᠯᠪᠤᠷᠢᠯᠠᠨ᠎ᠠ᠃ ᠤᠭ ᠰᠠᠨᠠᠭ᠎ᠠ ᠪᠠᠨ ᠦᠯᠦ ᠮᠠᠷᠲᠠᠨ ᠬᠥᠳᠡᠭᠡ ᠲᠣᠰᠬᠤᠨ ᠳᠤ | ᠦᠨᠳᠦᠰᠦᠯᠡᠨ ᠡᠷᠡᠭᠦᠯ ᠮᠡᠨᠳᠦ ᠶᠢ ᠬᠠᠮᠠᠭᠠᠯᠠᠨ᠎ᠠ ᠪᠢᠩ ᠬᠤᠩ ᠮᠧᠢ ᠪᠠᠭ᠎ᠠ ᠠᠴᠠ ᠪᠠᠨ ᠬᠥᠳᠡᠭᠡ ᠲᠣᠰᠬᠤᠨ ᠳᠤ | ᠥᠰᠦᠭᠰᠡᠨ ᠪᠣᠯᠬᠤᠷ ᠣᠯᠠᠨ ᠲᠦᠮᠡᠨ ᠤ ᠡᠪᠡᠳᠴᠢᠨ ᠦᠵᠡᠭᠦᠯᠬᠦ ᠶᠢᠨ ᠬᠦᠴᠢᠷ ᠪᠡᠷᠬᠡᠰᠢᠶᠡᠯ ᠢ ᠭᠦᠨ ᠣᠶᠢᠯᠠᠭᠠᠨ᠎ᠠ᠃ | ᠵᠠᠯᠠᠭᠤ ᠳᠠᠭᠠᠨ ᠲᠡᠷᠡ ᠡᠮ ᠡᠮᠨᠡᠯᠭᠡ ᠶᠢᠨ ᠮᠡᠷᠭᠡᠵᠢᠯ ᠰᠤᠷᠴᠤ᠂ ᠲᠡᠭᠦᠰᠦᠭᠰᠡᠨ ᠤ ᠳᠠᠷᠠᠭ᠎ᠠ ᠨᠤᠲᠤᠭ ᠲᠠᠭᠠᠨ ᠪᠤᠴᠠᠵᠤ᠂ | ᠪᠠᠶᠠᠨᠬᠠᠳᠠ ᠭᠠᠴᠠᠭᠠᠨ ᠤ ᠡᠮᠴᠢ ᠪᠣᠯᠪᠠ᠃ ᠬᠤᠷᠢ ᠭᠠᠷᠤᠶ ᠵᠢᠯ ᠤᠨ ᠲᠤᠷᠰᠢ᠂ ᠲᠡᠷᠡ ᠬᠦᠴᠢᠷ ᠪᠡᠷᠬᠡᠰᠢᠶᠡᠯ ᠢ ᠢᠯᠠᠨ | ᠳᠠᠪᠠᠵᠤ᠂ ᠭᠠᠴᠠᠭᠠᠨ ᠤ ᠥᠨᠴᠥᠭ ᠪᠤᠯᠤᠩ ᠨᠢᠭᠡᠪᠦᠷᠢ ᠪᠠᠷ ᠶᠠᠪᠤᠵᠤ᠂ ᠡᠪᠡᠳᠴᠢᠲᠡᠨ ᠳᠤ ᠡᠮ ᠬᠦᠷᠭᠡᠵᠦ ᠥᠭᠳᠡᠭ᠃ | ᠬᠠᠬᠢᠷ ᠡᠪᠦᠯ ᠤᠨ ᠬᠥᠬᠡᠭᠡ ᠰᠠᠷ᠎ᠠ ᠭᠡᠰᠡᠨ ᠦᠭᠡᠢ᠂ ᠠᠭᠠᠭᠢᠮ᠎ᠠ ᠬᠠᠯᠠᠭᠤᠨ ᠵᠤᠨ ᠴᠦ ᠪᠣᠯᠤᠭ ᠲᠡᠷᠡ᠂ ᠭᠠᠴᠠᠭᠠᠨ ᠤ | ᠠᠷᠠᠳ ᠱᠠᠭᠠᠷᠳᠠᠯᠭ᠎ᠠ ᠲᠠᠢ ᠪᠣᠯ ᠲᠡᠷᠡ ᠳᠠᠷᠤᠢ ᠣᠴᠢᠳᠠᠭ᠃ ︽ᠭᠠᠴᠠᠭᠠᠨ ᠤ ᠨᠠᠰᠤᠲᠠᠶᠢᠴᠤᠳ ᠨᠡᠯᠢᠶᠡᠳ ᠠᠷᠪᠢᠨ᠂ | ᠡᠪᠡᠳᠴᠢᠨ ᠦᠵᠡᠭᠦᠯᠬᠦ ᠳᠤ ᠳᠥᠭᠦᠮ ᠦᠭᠡᠢ᠂ ᠮᠢᠨᠦ ᠬᠢᠵᠦ ᠳᠡᠶᠢᠯᠬᠦ ᠠᠵᠢᠯ ᠪᠣᠯ ᠳᠠᠷᠤᠶ ᠴᠢᠳᠠᠯ ᠤᠨ | ᠬᠢᠷᠢ ᠪᠠᠷ ᠢᠶᠠᠨ ᠲᠡᠳᠡᠨ ᠤ ᠡᠷᠡᠭᠦᠯ ᠮᠡᠨᠳᠦ ᠶᠢ ᠬᠠᠮᠠᠭᠠᠯᠠᠬᠤ ᠶᠠᠪᠤᠳᠠᠯ ᠪᠣᠯᠤᠨ᠎ᠠ︾᠃ ᠡᠨᠡ ᠪᠣᠯ ᠪᠢᠩ ᠬᠤᠩ | ᠮᠸᠢ ᠶᠢᠨ ᠦᠷᠭᠦᠯᠵᠢ ᠶᠠᠷᠢᠳᠠᠭ ᠦᠭᠡ᠃ ᠲᠡᠷᠡ ᠭᠠᠴᠠᠭ᠎ᠠ ᠲᠤᠰᠬᠤᠨ ᠢᠶᠠᠷ ᠦᠷᠭᠦᠯᠵᠢ ᠲᠣᠭᠤᠷᠢᠵᠤ᠂ ᠡᠮᠨᠡᠯᠭᠡ ᠶᠢᠨ | ᠮᠡᠷᠭᠡᠵᠢᠯ ᠢᠶᠠᠷ ᠠᠮᠢ ᠨᠠᠰᠤ ᠶᠢ ᠬᠠᠮᠠᠭᠠᠯᠠᠵᠤ᠂ ᠤᠯᠠᠨ ᠲᠦᠮᠡᠨ ᠤ ᠰᠡᠳᠬᠢᠯ ᠳᠠᠬᠢ ᠬᠠᠮᠤᠭ ᠤᠨ ᠢᠲᠡᠭᠡᠯᠲᠡᠢ ︽ | ᠡᠷᠡᠭᠦᠯ ᠮᠡᠨᠳᠦ ᠶᠢᠨ ᠬᠠᠮᠠᠭᠠᠯᠠᠭᠴᠢ︾ ᠪᠣᠯᠪᠠ᠃ | ᠨᠠᠷᠢᠨ ᠵᠦᠢᠯᠡᠰ ᠨᠢ ᠦᠨᠡᠨ ᠰᠡᠳᠭᠢᠯᠭᠡ ᠶᠢ ᠢᠯᠡᠷᠡᠭᠦᠯᠦᠨ ᠡᠭᠡᠯ ᠵᠢᠷ ᠤᠨ ᠡᠳᠦᠷ ᠳᠤᠲᠤᠮ ᠤᠨ ᠠᠵᠢᠯ ᠢᠶᠠᠷ | ᠡᠮᠴᠢ ᠶᠢᠨ ᠰᠦᠭ ᠰᠦᠨᠡᠰᠦ ᠶᠢ ᠴᠣᠭᠴᠠᠯᠠᠨ᠎ᠠ ᠠᠵᠢᠯ ᠤᠨ ᠴᠢᠯᠦᠭᠡ ᠪᠠᠷ᠂ ᠪᠢᠩ ᠬᠤᠩ ᠮᠧᠢ ᠡᠯ᠎ᠡ ᠵᠦᠢᠯ ᠤᠨ | ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭᠠᠨ ᠳᠤ ᠢᠳᠡᠪᠬᠢᠳᠡᠢ ᠤᠷᠤᠯᠴᠠᠳᠠᠭ᠃ ᠲᠡᠷᠡ ᠬᠠᠯᠠᠰᠢᠷᠠᠯ ᠦᠭᠡᠢ ᠤᠯᠠᠨ | ᠲᠦᠮᠡᠨ ᠳᠤ ᠡᠷᠡᠭᠦᠯ ᠮᠡᠨᠳᠦ ᠶᠢᠨ ᠮᠡᠳᠡᠯᠭᠡ ᠶᠢ ᠬᠦᠯᠢᠴᠡᠩᠭᠦᠢ ᠪᠠᠷ ᠲᠦᠭᠡᠮᠡᠯᠵᠢᠭᠦᠯᠵᠦ᠂ ᠡᠪᠡᠳᠴᠢᠨ ᠡᠮᠭᠡᠭ ᠢ | ᠰᠡᠷᠭᠡᠶᠢᠯᠡᠬᠦ ᠤᠢᠢᠯᠠᠭᠠᠭᠳᠠᠬᠤᠨ ᠢ ᠶᠡᠭᠡ ᠪᠠᠷ ᠰᠠᠨᠠᠭᠠᠴᠢᠯᠠᠭᠰᠠᠨ ᠨᠢ ᠨᠡᠩ ᠤᠯᠠᠨ ᠬᠥᠮᠦᠨ ᠤ ᠡᠷᠡᠭᠦᠯ ᠮᠡᠨᠳᠦ ᠶᠢᠨ | ᠵᠥᠪ ᠦᠵᠡᠯᠲᠡ ᠲᠠᠢ ᠪᠣᠯᠭᠠᠬᠤ ᠶᠢᠨ ᠲᠥᠯᠥᠭᠡ ᠶᠤᠮ᠃ ᠴᠢᠰᠤᠨ ᠳᠠᠷᠤᠯᠲᠠ ᠥᠨᠳᠥᠷ᠂ ᠰᠠ ᠡᠪᠡᠳᠴᠢᠨ ᠵᠡᠷᠭᠡ | ᠡᠪᠡᠳᠴᠢᠨ ᠡᠮᠭᠡᠭ ᠲᠤ ᠨᠡᠷᠪᠡᠭᠳᠡᠵᠦ᠂ ᠬᠥᠳᠡᠯᠵᠦ ᠪᠠᠷᠢᠬᠤ ᠳᠤ ᠲᠦᠢᠯ ᠤᠨ ᠳᠥᠭᠦᠮ ᠦᠭᠡᠢ ᠡᠪᠡᠳᠴᠢᠲᠡᠨ ᠳᠤ᠂ | ᠪᠢᠩ ᠬᠤᠩ ᠮᠧᠢ ᠨᠡᠩ ᠴᠤ ᠨᠠᠷᠢᠯᠢᠭ ᠬᠠᠯᠠᠮᠵᠢᠯᠠᠯ ᠬᠦᠷᠲᠡᠭᠡᠭᠰᠡᠨ ᠪᠠᠶᠢᠨ᠎ᠠ᠃ ᠡᠪᠡᠳᠴᠢᠲᠡᠨ ᠤ ᠬᠡᠷ ᠲᠤ ᠲᠡᠷᠡ | ᠡᠪᠡᠳᠴᠢᠲᠡᠨ ᠤ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠢ ᠨᠠᠷᠢᠨ ᠨᠢᠮᠪᠠᠶ ᠠᠩᠬᠠᠷᠴᠤ᠂ ᠡᠷᠡᠭᠦᠯ ᠮᠡᠨᠳᠦ ᠳᠤ | ᠬᠤᠯᠪᠣᠭᠳᠠᠬᠤ ᠶᠠᠮᠠᠷᠪᠠ ᠨᠠᠷᠢᠨ ᠵᠦᠢᠯᠡᠰ ᠢ ᠠᠩᠬᠠᠷᠴᠤ᠂ ᠲᠤᠰᠬᠠᠶ ᠮᠡᠷᠭᠡᠵᠢᠯ ᠤᠨ ᠡᠮᠴᠢᠯᠡᠭᠡᠨ ᠤ ᠮᠡᠷᠭᠡᠵᠢᠯ ᠪᠠ ᠴᠢᠩ | ᠦᠨᠡᠨᠴᠢ ᠬᠠᠯᠠᠮᠵᠢᠯᠠᠯ ᠳᠤ ᠲᠦᠰᠢᠭᠯᠡᠨ᠂ ᠪᠣᠳᠠᠲᠤ ᠠᠵᠢᠯᠯᠠᠭ᠎ᠠ ᠪᠠᠷ ᠢᠶᠠᠨ ᠡᠮᠴᠢ ᠶᠢᠨ ᠡᠨᠡᠷᠢᠩᠭᠦᠶ ᠰᠡᠳᠬᠢᠯ ᠤᠨ ᠭᠦᠨ | ᠠᠭᠤᠯᠤᠭᠳᠠᠬᠤᠨ ᠢ ᠢᠯᠡᠷᠡᠭᠦᠯᠵᠡᠢ᠃ ᠲᠡᠭᠦᠨ ᠤ ᠰᠢᠨᠲᠠᠷᠠᠰᠢ ᠦᠭᠡᠢ ᠴᠢᠷᠮᠠᠶᠢᠯᠭ᠎ᠠ ᠪᠠᠷ ᠮᠠᠰᠢ ᠣᠯᠠᠨ ᠡᠪᠡᠳᠴᠢᠲᠡᠨ | ᠭᠡᠷ ᠠᠴᠠ ᠪᠠᠨ ᠭᠠᠷᠬᠤ ᠦᠭᠡᠢ ᠪᠠᠷ ᠴᠢᠨᠠᠷ ᠰᠠᠶᠢᠲᠠᠢ ᠪᠥᠭᠡᠳ ᠳᠥᠭᠦᠮ ᠳᠥᠲᠡ ᠡᠷᠡᠭᠦᠯᠵᠢᠯ ᠪᠠ ᠡᠮᠴᠢᠯᠡᠭᠡᠨ ᠤ | ᠦᠢᠯᠡᠴᠢᠯᠡᠭᠡ ᠬᠦᠷᠲᠡᠵᠦ᠂ ︽ᠪᠠᠭ᠎ᠠ ᠡᠪᠡᠳᠴᠢᠨ ᠢ ᠭᠠᠴᠠᠭᠠᠨ ᠠᠴᠠ ᠭᠠᠷᠭᠠᠬᠤ ᠦᠭᠡᠢ᠂ ᠡᠷᠡᠭᠦᠯ ᠮᠡᠨᠳᠦ | ᠪᠠᠲᠤᠯᠠᠭ᠎ᠠ ᠲᠠᠢ ᠪᠠᠶᠢᠬᠤ︾ ᠰᠠᠶᠢᠨ ᠰᠠᠶᠢᠬᠠᠨ ᠬᠦᠰᠡᠯ ᠡᠷᠡᠮᠡᠯᠵᠡᠯ ᠢ ᠦᠨᠡᠨ ᠬᠦ ᠪᠣᠳᠠᠲᠤ ᠠᠬᠤᠢ ᠪᠣᠯᠭᠠᠵᠤ᠂ | ᠬᠥᠳᠡᠭᠡ ᠲᠣᠰᠬᠤᠨ ᠤ ᠡᠮᠴᠢᠯᠡᠭᠡᠨ ᠤ ᠦᠢᠯᠡᠰ ᠤᠨ ᠬᠥᠭᠵᠢᠯᠲᠡ ᠳᠤ ᠰᠢᠨ᠎ᠡ ᠬᠠᠭᠤᠳᠠᠰᠤ ᠶᠢ ᠨᠠᠮᠠᠷᠢᠯᠠᠪᠠ᠃ | ᠪᠢᠩ ᠬᠤᠩ ᠮᠧᠢ᠂ ᠡᠨᠡ ᠬᠦ ᠬᠥᠳᠡᠭᠡ ᠲᠣᠰᠬᠤᠨ ᠳᠤ ᠰᠠᠭᠤᠷᠢᠯᠠᠭᠰᠠᠨ ᠡᠷᠡᠭᠦᠯ ᠴᠢᠭᠢᠷᠠᠭ ᠢ ᠰᠠᠬᠢᠨ | ᠬᠠᠮᠠᠭᠠᠯᠠᠭᠴᠢ᠂ ᠬᠤᠷᠢᠨ ᠵᠢᠯ ᠤᠨ ᠲᠤᠷᠰᠢ ᠢᠮᠠᠭᠲᠠ ᠬᠥᠳᠡᠭᠡ ᠲᠣᠰᠬᠤᠨ ᠳᠤ ᠭᠦᠨᠵᠡᠭᠡᠶᠢᠷᠡᠵᠦ᠂ ᠪᠠᠶᠠᠠᠬᠠᠳᠠ | ᠭᠠᠴᠠᠭᠠᠨ ᠤ ᠠᠷᠠᠳ ᠲᠤ ᠡᠷᠡᠭᠦᠯ ᠴᠢᠭᠢᠷᠠᠭ ᠪᠠ ᠬᠦᠰᠡᠯ ᠡᠷᠡᠮᠡᠯᠵᠡᠯ ᠣᠯᠭᠤᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠦᠢᠯᠡᠰ ᠲᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃ |