3 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠤᠲᠠ ᠶᠢᠨ | ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠲᠠᠪᠤᠳᠤᠭᠠᠷ ᠤᠳᠠᠭᠠᠨ ᠤ ᠬᠤᠷᠠᠯ | ᠬᠤᠷᠠᠯᠳᠤᠭᠤᠯᠪᠠ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠤᠯᠠᠭᠠᠨᠬᠤᠲᠠ ᠶᠢᠨ | ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠢ ᠡᠷᠭᠢᠯᠡᠨ ᠶᠠᠷᠢᠶ᠎ᠠ ᠲᠠᠯᠪᠢᠵᠠᠢ᠃ ᠬᠤᠷᠠᠯ ᠠᠴᠠ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠤᠨ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ | ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠤᠳᠠ ᠶᠢᠨ ᠨᠠᠮ ᠤᠨ | ᠬᠤᠷᠢᠶᠠᠨ ᠤ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾᠂ ︽ | 2023 ᠣᠨ ᠤ ᠬᠤᠳᠠ ᠶᠢᠨ ᠲᠤᠰ ᠱᠠᠲᠤᠨ ᠤ ᠲᠥᠰᠦᠪ ᠢ ᠭᠦᠢᠴᠡᠳᠬᠡᠭᠰᠡᠨ ᠪᠠᠶᠢᠳᠠᠯ ᠵᠢᠴᠢ ᠪᠤᠰᠤᠳ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠬᠢᠨᠠᠨ ᠪᠤᠳᠤᠯᠲᠠ ᠪᠠᠷ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ︾᠂ ︽ᠤᠯᠠᠭᠠᠨᠬᠤᠲᠠ ᠶᠢᠨ ᠬᠢᠨᠠᠨ ᠪᠤᠳᠤᠬᠤ ᠲᠤᠪᠴᠢᠶᠠᠨ ᠤ | 2025 ᠣᠨ ᠤ ᠬᠢᠨᠠᠨ ᠪᠤᠳᠤᠬᠤ ᠲᠦᠷᠦᠯ ᠵᠦᠢᠯ ᠤᠨ ᠲᠥᠯᠥᠪᠯᠡᠭᠡ ︵ᠲᠥᠰᠦᠯ︶︾ ᠶᠢ ᠬᠢᠨᠠᠨ ᠵᠥᠪᠯᠡᠵᠦ | ᠪᠠᠲᠤᠯᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠢᠨᠠᠨ ᠪᠤᠳᠤᠯᠳᠠ ᠶᠢᠨ | ᠮᠡᠳᠡᠭᠦᠯᠦᠯᠲᠡ᠂ ᠬᠢᠨᠠᠨ ᠪᠤᠳᠤᠯᠳᠠ ᠶᠢᠨ ᠲᠤᠰᠬᠠᠢ ᠮᠡᠳᠡᠭᠦᠯᠦᠯᠲᠡ ᠶᠢᠨ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ | ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠶᠠᠪᠤᠳᠠᠯ ᠤᠨ ᠮᠡᠳᠡᠭᠦᠯᠦᠯᠲᠡ ᠶᠢᠨ ᠬᠡᠪᠴᠢᠶ᠎ᠡ ᠶᠢ ᠪᠦᠬᠦᠨ ᠢ | ᠪᠦᠷᠬᠦᠬᠦᠯᠬᠦ ᠶᠢ ᠪᠠᠲᠤᠯᠠᠬᠤ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠡᠷᠬᠡ ᠶᠢᠨ | ᠠᠵᠢᠯᠯᠠᠭᠠᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠵᠤ᠂ ᠬᠢᠨᠠᠨ ᠪᠤᠳᠤᠯᠲᠠ ᠪᠠᠷ | ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠠᠬᠢᠭᠤᠯᠵᠤ᠂ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠥᠨᠳᠥᠷ ᠲᠦᠪᠰᠢᠨ | ᠪᠦᠬᠦᠢ ᠬᠢᠨᠠᠨ ᠪᠤᠳᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠬᠢᠨᠠᠨ ᠪᠤᠳᠤᠬᠤ | ᠺᠠᠳ᠋ᠷ ᠤᠨ ᠴᠢᠳᠠᠪᠤᠷᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠤᠰᠬᠠᠶ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ | ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠬᠢᠨᠠᠨ ᠪᠤᠳᠤᠬᠤ ᠺᠠᠳ᠋ᠷ ᠤᠨ ᠡᠩᠨᠡᠭᠡ ᠶᠢ ᠴᠢᠷᠮᠠᠶᠢᠨ | ᠪᠠᠶᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ |