ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠵᠤ᠂ ᠪᠦᠬᠦ ᠬᠤᠳᠠ ᠶᠢᠨ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠶᠢᠨ ᠲᠥᠯᠥᠭᠡ᠂ 3 | ᠰᠠᠷ᠎ᠠ ᠶᠢᠨ 20 ᠤ ᠡᠳᠦᠷ᠂ ᠷᠠᠰᠢᠶᠠᠨ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ | ᠸᠧᠨᠴᠢᠤᠸᠠᠨ ᠵᠡᠭᠡᠯᠢ᠂ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠭᠠᠬᠤ ᠲᠣᠪᠴᠢᠶ᠎ᠠ ᠵᠢᠴᠢ ᠭᠠᠯ ᠰᠡᠷᠭᠡᠶᠢᠯᠡᠵᠤ ᠤᠨᠲᠠᠷᠠᠭᠠᠬᠤ ᠶᠡᠭᠡ ᠠᠩᠭᠢ ᠬᠠᠮᠳᠤᠷᠠᠨ ᠲᠣᠰ ᠲᠣᠰ ᠬᠠᠷᠢᠶ᠎ᠠ | ᠣᠷᠣᠨ ᠤ ᠪᠠᠨ ᠶᠦᠨ ᠯᠦ ᠤᠰᠤᠨ ᠤ ᠦᠢᠯᠡᠰ᠂ ᠳ᠋ᠢᠩ ᠳ᠋ᠢᠶᠠᠨ ᠴᠢᠯᠤᠭᠡᠳᠤ ᠳᠡᠯᠭᠡᠭᠦᠷ᠂ ᠬᠠᠶ ᠱᠧᠨ ᠪᠠᠭᠤᠳᠠᠯ ᠢᠶᠠᠷ | ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠠᠵᠢᠯᠲᠠᠳ ᠭᠠᠯ ᠰᠡᠷᠭᠡᠶᠢᠯᠡᠵᠤ | ᠤᠨᠲᠠᠷᠠᠭᠠᠬᠤ ᠲᠥᠬᠦᠭᠡᠷᠦᠮᠵᠢ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠵᠦ᠂ ᠡᠭᠦᠨ ᠳᠤ ᠭᠠᠯ ᠤᠨᠲᠠᠷᠠᠭᠠᠭᠤᠷ ᠨᠢ | ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ᠂ ᠲᠠᠷᠬᠠᠭᠠᠨ ᠶᠠᠪᠤᠭᠤᠯᠬᠤ ᠵᠠᠮ ᠨᠢ ᠰᠠᠭᠠᠳ ᠥᠬᠡᠶ ᠨᠡᠪᠲᠡᠷᠡᠬᠦ | ᠡᠰᠡᠬᠦ ᠵᠡᠷᠭᠡ ᠪᠠᠭᠲᠠᠨ᠎ᠠ᠃ ᠡᠭᠦᠨ ᠤ ᠬᠠᠮᠲᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠳᠦᠷᠢᠮ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠢᠴᠢ ᠡᠳᠦᠷ | ᠲᠤᠲᠤᠮ ᠤᠨ ᠠᠮᠤᠷ ᠲᠦᠪᠰᠢᠨ ᠤ ᠪᠠᠶᠢᠴᠠᠭᠠᠯᠲᠠ ᠶᠢᠨ ᠲᠡᠮᠳᠡᠭᠯᠡᠯ ᠢ ᠨᠠᠷᠢᠨ ᠪᠠᠶᠢᠴᠠᠭᠠᠨ ᠦᠵᠡᠵᠦ᠂ ᠡᠯ᠎ᠡ ᠵᠦᠢᠯ ᠤᠨ | ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ ᠴᠢᠩᠭ᠎ᠠ ᠬᠢᠨᠠᠨ ᠬᠠᠷᠭᠤᠭᠤᠯᠪᠠ᠃ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠲᠤᠬᠠᠶ ᠶᠢᠨ | ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠢ | ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠡᠷᠬᠡᠪᠰᠢ ᠠᠮᠤᠷ ᠲᠦᠪᠰᠢᠨ ᠤ ᠤᠬᠠᠮᠰᠠᠷ ᠢᠶᠠᠨ ᠳᠡᠭᠡᠭᠰᠢᠯᠡᠭᠦᠯᠵᠦ᠂ | ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭᠠᠳᠬᠠᠵᠤ᠂ ᠡᠯ᠎ᠡ ᠲᠥᠷᠥᠯ ᠤᠨ ᠠᠮᠤᠷ | ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ ᠲᠣᠰ ᠤᠳᠠᠭᠠᠨ ᠤ | ᠠᠮᠤᠷ ᠲᠦᠪᠰᠢᠨ ᠤ ᠪᠠᠶᠢᠴᠠᠭᠠᠯᠲᠠ ᠪᠠᠷ ᠳᠡᠮᠵᠢᠨ᠂ ᠡᠯ᠎ᠡ ᠡᠵᠡᠩᠨᠡᠯᠲᠡ ᠶᠢᠨ ᠭᠤᠤᠯ ᠴᠣᠭᠴᠠ ᠶᠢᠨ ᠠᠮᠤᠷ | ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢ ᠨᠡᠮᠡᠭᠳᠡᠭᠦᠯᠦᠭᠰᠡᠨ ᠢᠶᠠᠷ ᠪᠠᠷᠠᠬᠤ ᠥᠬᠡᠶ ᠡᠯ᠎ᠡ ᠲᠥᠷᠥᠯ ᠤᠨ ᠠᠮᠤᠷ | ᠲᠦᠪᠰᠢᠨ ᠤ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠵᠤ᠂ ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ | ᠱᠤᠭᠤᠮ ᠢ ᠯᠠᠪᠳᠠᠭᠤᠨ ᠪᠠᠲᠤᠲᠠᠶ ᠪᠠᠬᠢᠵᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ | ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠬᠠᠷᠢᠶ᠎ᠠ ᠣᠷᠣᠨ ᠤ ᠠᠶᠤᠯᠭᠦᠶ ᠦᠢᠯᠡᠳᠪᠦᠷᠢᠯᠡᠯ ᠤᠨ | ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠳᠤ ᠬᠦᠴᠦᠲᠡᠶ ᠪᠠᠲᠤᠯᠠᠵᠦ᠂ ᠪᠥᠬᠦ | ᠬᠤᠲᠠ ᠶᠢᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ | ᠪᠠᠶᠢᠨ᠎ᠠ᠃ |