3 ᠰᠠᠷ᠎ᠠ ᠶᠢᠨ 25 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠠᠷᠪᠠᠨ ᠭᠤᠷᠪᠠᠳᠤᠭᠠᠷ ᠤᠳᠠᠭᠠᠨ ᠤ ᠪᠠᠶᠢᠩᠭᠤ ᠶᠢᠨ | ᠬᠤᠷᠢᠶᠠᠨ ᠤ ᠬᠤᠷᠠᠯ ᠬᠤᠷᠠᠯᠳᠤᠭᠤᠯᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠦᠩ ᠬᠤᠩ ᠶᠠᠨ ᠬᠤᠷᠠᠯ ᠢ ᠡᠷᠬᠢᠯᠡᠪᠡ᠃ ᠬᠤᠷᠠᠯ ᠠᠴᠠ | ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ᠂ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠥᠪᠯᠡᠷᠡᠭᠦᠯᠦᠨ | ᠰᠤᠷᠤᠯᠴᠠᠪᠠ︔ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2025 ᠣᠨ ᠤ ᠤᠯᠤᠰ ᠲᠥᠷᠥ ᠶᠢᠨ | ᠵᠥᠪᠯᠡᠯᠭᠡᠨ ᠤ ᠵᠥᠪᠯᠡᠬᠦ ᠲᠥᠯᠥᠪᠯᠡᠭᠡ ︵ᠲᠥᠰᠦᠯ︶᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ 2025 ᠣᠨ ᠤ ᠠᠵᠢᠯ ᠤᠨ ᠭᠤᠣᠯᠳᠠᠯᠭ᠎ᠠ ︵ᠲᠥᠰᠦᠯ︶ ᠶᠢ ᠬᠢᠨᠠᠨ ᠵᠥᠪᠯᠡᠵᠦ | ᠪᠠᠲᠤᠯᠠᠪᠠ︔ ᠡᠯ᠎ᠡ ᠲᠤᠰᠬᠠᠢ ᠵᠥᠪᠯᠡᠯ ᠤᠨ ᠲᠤᠰᠢᠶᠠᠯ ᠡᠭᠦᠷᠭᠡᠯᠡᠭᠰᠡᠨ ᠪᠠᠶᠢᠳᠠᠯ ᠪᠣᠯᠤᠨ ᠬᠤᠯᠪᠣᠭᠳᠠᠯ ᠪᠦᠬᠦᠢ | ᠠᠵᠢᠯᠲᠠᠨ ᠤ ᠶᠠᠪᠤᠳᠠᠯ ᠤᠨ ᠵᠦᠢᠯᠡᠰ ᠢ ᠮᠡᠳᠡᠭᠳᠡᠪᠡ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ | ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠬᠦ | ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠲᠠᠢ ᠦᠨᠡᠨ ᠬᠦ ᠨᠢᠭᠡᠳᠬᠡᠵᠦ᠂ ᠬᠤᠷᠠᠯ ᠤᠨ ᠵᠣᠷᠢᠭ | ᠰᠠᠨᠠᠭᠠᠨ ᠤ ᠰᠢᠨ᠎ᠡ ᠴᠠᠭ ᠦᠶ᠎ᠡ ᠶᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠤ ᠳᠤᠷᠠᠳᠤᠭᠰᠠᠨ ᠰᠢᠨ᠎ᠡ | ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠲᠡᠭᠦᠨ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ | ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠬᠤ ᠬᠡᠷᠡᠭᠲᠡᠢ᠃ ᠣᠨ ᠤ ᠵᠥᠪᠯᠡᠬᠦ ᠲᠥᠯᠥᠪᠯᠡᠭᠡ ᠶᠢ | ᠨᠠᠷᠢᠨ ᠬᠢᠨᠠᠮᠠᠭᠠᠢ ᠬᠡᠷᠡᠭᠵᠢᠭᠦᠯᠵᠦ᠂ ᠲᠤᠰᠬᠠᠢ ᠰᠡᠳᠦᠪ ᠢᠶᠠᠷ ᠵᠥᠪᠯᠡᠬᠦ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ | ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ᠂ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠨᠠᠮ ᠤᠨ | ᠣᠯᠠᠨ ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠭᠡᠰᠢᠭᠦᠳ ᠤᠨ ᠬᠤᠭᠤᠷᠣᠨᠳᠣᠬᠢ ᠣᠯᠠᠨ | ᠲᠦᠮᠡᠨ ᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ᠃ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠵᠤ᠂ ᠢᠳᠡᠪᠬᠢᠲᠡᠢ ᠪᠠᠷ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠬᠡᠷᠡᠭ ᠢ ᠵᠥᠪᠯᠡᠵᠦ᠂ ᠴᠢᠨᠠᠷ | ᠰᠠᠶᠢᠲᠠᠢ ᠥᠨᠳᠥᠷ ᠪᠦᠲᠦᠮᠵᠢᠲᠡᠢ ᠪᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠤᠯᠤᠰ ᠲᠥᠷᠥ ᠶᠢᠨ | ᠵᠥᠪᠯᠡᠯᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ |