ᠤᠶᠢᠷ᠎ᠠ ᠶᠢᠨ ᠡᠳᠤᠷ᠂ ᠵᠠᠯᠠᠶᠢᠳ ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ | ᠪᠠᠳᠤᠯᠠᠭ᠎ᠠ ᠶᠢᠨ ᠲᠤᠪᠴᠢᠶ᠎ᠠ ᠭᠤᠤᠯᠳᠠᠯᠭ᠎ᠠ ᠲᠠᠢ ᠠᠵᠤ ᠠᠬᠤᠶᠢᠯᠠᠯ ᠢᠶᠠᠷ ᠬᠦᠨᠵᠡᠭᠡᠶᠢᠷᠡᠨ ︽ᠲᠦᠷᠥ ᠶᠢᠨ ᠪᠤᠳᠤᠯᠭ᠎ᠠ | ᠬᠦᠷᠭᠡᠬᠦ᠂ ᠦᠢᠯᠡᠴᠢᠯᠡᠭᠡ ᠬᠦᠷᠭᠡᠬᠦ︾ ᠰᠢᠷᠢᠰ ᠠᠵᠢᠯᠯᠠᠭ᠎ᠠ ᠦᠷᠨᠢᠬᠦᠯᠵᠤ᠂ ᠠᠵᠤ ᠠᠬᠤᠶᠢᠯᠠᠯ ᠳᠤ | ᠬᠦᠨᠵᠡᠭᠡᠶᠢᠷᠡᠬᠦ ᠪᠠᠷ ᠲᠠᠮᠵᠢᠨ ︽ᠠᠵᠢᠯ ᠤᠯᠭᠤᠬᠤ ᠶᠢ ᠠᠬᠢᠭᠤᠯᠬᠤ ᠠᠵᠢᠯᠯᠠᠭ᠎ᠠ︾ ᠶᠢ ᠪᠤᠳᠠᠳᠠᠢ ᠳᠤ | ᠨᠠᠶᠢᠳᠠᠪᠤᠷᠢᠵᠢᠭᠤᠯᠪᠠ᠃ ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠳᠤ ᠺᠤᠮᠫᠠᠨᠢ ᠪᠠ ᠵᠠᠯᠠᠶᠢᠳ | ᠬᠤᠰᠢᠭᠤᠨ ᠤ ᠶᠦᠩ ᠯᠢᠨ ᠠᠮᠢᠳᠤ ᠪᠤᠳᠠᠰ ᠤᠨ ᠮᠡᠰ ᠤᠨ ᠢᠯᠴᠢ ᠬᠠᠩᠭᠠᠬᠤ ᠬᠢᠵᠠᠭᠠᠷᠳᠤ ᠺᠤᠮᠫᠠᠨᠢ ᠳᠤ᠂ | ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ | ᠠᠵᠢᠯᠳᠠᠨ ᠠᠴᠠ ᠠᠵᠢᠯ ᠤᠯᠬᠤ ᠲᠠᠳᠤᠯᠭ᠎ᠠ᠂ ᠨᠡᠶᠢᠭᠡᠮ ᠤᠨ ᠲᠠᠭᠠᠳᠬᠠᠯ ᠤᠨ ᠨᠦᠬᠦᠪᠤᠷᠢ᠂ ᠠᠵᠢᠯ ᠤᠨ ᠪᠠᠶᠢᠷᠢ ᠶᠢ | ᠲᠤᠭᠳᠠᠪᠤᠷᠢᠵᠢᠭᠤᠯᠤᠨ ᠪᠤᠴᠠᠭᠠᠬᠤ ᠨᠦᠬᠦᠪᠦᠷᠢ᠂ ᠮᠡᠷᠭᠡᠵᠢᠯ ᠴᠢᠳᠠᠪᠬᠢ ᠶᠢ ᠲᠡᠭᠡᠭᠰᠢᠯᠡᠬᠦᠯᠬᠦ ᠨᠦᠬᠦᠪᠤᠷᠢ ᠵᠡᠷᠭᠡ ᠠᠵᠢᠯ | ᠤᠯᠭᠤᠬᠤ ᠲᠦᠷᠥ ᠶᠢᠨ ᠪᠤᠳᠤᠯᠭ᠎ᠠ ᠶᠢ ᠲᠠᠶᠢᠯᠪᠤᠷᠢᠯᠠᠪᠠ᠃ ᠪᠠᠰᠠ ᠠᠵᠤ ᠠᠬᠤᠶᠢᠯᠠᠯ ᠤᠨ ᠦᠢᠯᠡᠳᠪᠤᠷᠢᠯᠡᠯ | ᠡᠵᠡᠩᠨᠡᠯᠳᠠ ᠶᠢᠨ ᠲᠤᠮᠳᠠ ᠲᠤᠯᠭᠠᠷᠠᠭᠰᠠᠨ ᠠᠰᠠᠭᠤᠳᠠᠯ ᠪᠠ ᠲᠦᠷᠥ ᠶᠢᠨ ᠪᠤᠳᠤᠯᠭ᠎ᠠ ᠶᠢᠨ ᠠᠰᠠᠭᠤᠳᠠᠯ ᠢ ᠬᠢᠨᠠᠮᠠᠭᠠᠢ | ᠲᠠᠶᠢᠯᠪᠤᠷᠢᠯᠠᠨ ᠦᠭᠴᠤ᠂ ᠠᠵᠤ ᠠᠬᠤᠶᠢᠯᠠᠯ ᠢ ᠬᠠᠪᠰᠤᠷᠤᠨ ᠲᠦᠷᠥ ᠶᠢᠨ ᠪᠤᠳᠤᠯᠭ᠎ᠠ ᠲᠠᠢ ᠤᠶᠠᠯᠳᠤᠭᠤᠯᠬᠤ ᠴᠡᠭ ᠢ | ᠤᠨᠤᠴᠠᠳᠠᠢ ᠡᠷᠢᠵᠤ᠂ ᠠᠵᠤ ᠠᠬᠤᠶᠢᠯᠠᠯ ᠤᠨ ᠲᠦᠷᠥ ᠶᠢᠨ ᠪᠤᠳᠤᠯᠭ᠎ᠠ ᠶᠢ ᠤᠶᠢᠯᠠᠭᠠᠬᠤ ᠳᠤ ᠬᠠᠪᠰᠤᠷᠤᠮᠵᠢ | ᠦᠵᠡᠬᠦᠯᠪᠡ᠃ ︽2024 ᠤᠨ ᠳᠤ ᠠᠵᠢᠯ ᠤᠨ ᠪᠠᠶᠢᠷᠢ ᠶᠢ ᠲᠤᠭᠳᠠᠪᠤᠷᠢᠵᠢᠭᠤᠯᠤᠨ ᠪᠤᠴᠠᠭᠠᠬᠤ ᠨᠦᠬᠦᠪᠤᠷᠢ ᠶᠢᠨ | ᠲᠦᠷᠥ ᠶᠢᠨ ᠪᠤᠳᠤᠯᠭ᠎ᠠ ᠶᠢ ᠬᠡᠷᠡᠭᠵᠢᠬᠦᠯᠵᠤ᠂ ᠠᠵᠤ ᠠᠬᠤᠶᠢᠯᠠᠯ ᠤᠨ ᠠᠵᠢᠯᠴᠢᠨ ᠳᠤ ᠪᠤᠯᠪᠠᠰᠤᠷᠠᠯ ᠬᠦᠷᠳᠡᠭᠡᠬᠦ | ᠨᠦᠬᠦᠪᠤᠷᠢ ᠦᠭᠴᠠᠢ᠃ ᠠᠵᠢᠯ ᠤᠯᠭᠤᠬᠤ ᠲᠦᠪ ᠤᠨ ᠬᠠᠮᠢᠶ᠎ᠠ ᠪᠦᠬᠦᠢ ᠮᠡᠷᠭᠡᠵᠢᠯᠳᠠᠨ ᠠᠴᠠ ᠪᠢᠳᠠᠨ ᠳᠤ | ᠬᠠᠪᠰᠤᠷᠤᠮᠵᠢ ᠦᠵᠡᠬᠦᠯᠥᠭᠰᠡᠨ ᠨᠢ ᠲᠠᠷᠤᠢ ᠠᠵᠤ ᠠᠬᠤᠶᠢᠯᠠᠯ ᠤᠨ ᠬᠦᠭᠵᠢᠯᠳᠠ ᠳᠤ ᠲᠤᠬᠠᠢ ᠶᠢᠨ ᠭᠠᠵᠠᠷ ᠤᠨ | ᠵᠠᠰᠠᠭ ᠤᠨ ᠤᠷᠳᠤᠨ ᠤ ᠬᠠᠪᠰᠤᠷᠤᠯᠭ᠎ᠠ ᠠᠴᠠ ᠰᠠᠯᠵᠤ ᠴᠢᠳᠠᠬᠤ ᠦᠭᠡᠢ︾ ᠭᠡᠵᠤ ᠵᠠᠯᠠᠶᠢᠳ ᠬᠤᠰᠢᠭᠤᠨ ᠤ ᠱᠠᠨ | ᠱᠦᠢ ᠱᠦᠢᠨᠢ ᠶᠢᠨ ᠬᠢᠵᠠᠭᠠᠷᠳᠤ ᠺᠤᠮᠫᠠᠨᠢ ᠶᠢᠨ ᠲᠡᠳ᠋ ᠲᠠᠭᠠᠭᠠᠮᠠᠯ ᠯᠢᠥ ᠪᠤᠤ ᠵᠢᠶᠦ᠋ᠨ ᠶᠠᠷᠢᠨ᠎ᠠ᠃ ︽ᠬᠦᠮᠤᠨ | ᠲᠦᠷᠥ ᠶᠢᠨ ᠪᠤᠳᠤᠯᠭ᠎ᠠ ᠶᠢ ᠡᠷᠢᠬᠦ︾ ᠠᠴᠠ ︽ᠲᠦᠷᠥ ᠶᠢᠨ ᠪᠤᠳᠤᠯᠭ᠎ᠠ ᠬᠦᠮᠤᠨ ᠢ ᠡᠷᠢᠬᠦ︾ ᠪᠤᠯ ᠵᠠᠯᠠᠶᠢᠳ | ᠬᠤᠰᠢᠭᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠶᠢᠨ ︽ᠠᠵᠤ | ᠠᠬᠤᠶᠢᠯᠠᠯ ᠳᠤ ᠲᠡᠮᠵᠢᠯᠭᠡ ᠦᠵᠡᠬᠦᠯᠬᠦ ᠠᠵᠢᠯᠯᠠᠭ᠎ᠠ︾ ᠶᠢᠨ ᠠᠮᠢᠳᠤᠯᠢᠭ ᠪᠤᠳᠠᠳᠤ ᠦᠢᠯᠡᠳᠤᠯᠭᠡ ᠪᠤᠯᠤᠨ᠎ᠠ᠃ ᠠᠵᠤ | ᠠᠬᠤᠶᠢᠯᠠᠯ ᠤᠨ ᠲᠤᠯᠭᠠᠷᠠᠭᠰᠠᠨ ᠬᠦᠴᠢᠷᠳᠠᠯ ᠢ ᠨᠢ ᠰᠶᠢᠳᠪᠤᠷᠢᠯᠡᠵᠤ ᠦᠭᠬᠦ ᠨᠢ ᠠᠵᠤ ᠠᠬᠤᠶᠢᠯᠠᠯ ᠤᠨ ᠠᠵᠢᠯᠳᠠᠨ | ᠬᠡᠷᠡᠭᠰᠡᠬᠦ ᠬᠦᠴᠢᠷ ᠠᠰᠠᠭᠤᠳᠠᠯ ᠢ ᠰᠶᠢᠳᠪᠤᠷᠢᠯᠡᠭᠰᠡᠨ ᠢᠶᠠᠷ ᠪᠠᠷᠠᠬᠤ ᠦᠭᠡᠢ ᠨᠡᠩ ᠴᠤ ᠠᠵᠤ ᠠᠬᠤᠶᠢᠯᠠᠯ ᠤᠨ | ᠬᠦᠭᠵᠢᠯᠳᠠ ᠪᠠ ᠦᠷᠬᠦᠯᠵᠢᠯᠡᠬᠦ᠋ᠢᠴᠡ ᠦᠷᠭᠡᠳᠭᠡᠬᠦ ᠳᠤ ᠬᠦᠴᠤᠷᠬᠡᠭ ᠶᠡᠭᠡ ᠬᠦᠳᠡᠯᠭᠡᠭᠴᠢ ᠬᠦᠴᠤᠨ ᠬᠠᠩᠭᠠᠯ᠎ᠠ᠃ ︵ | ᠬᠤᠩ ᠶᠤᠸᠠᠨ ᠲᠢᠶᠠᠨ ᠲᠢᠶᠠᠨ︶ |