ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠵᠠᠭᠤ ᠪᠥᠭᠡᠳ ᠳᠥᠷᠪᠡᠳᠦᠭᠡᠷ ᠬᠤᠷᠠᠯᠳᠤᠭᠠᠨ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
    ᠨᠡᠶᠢᠲᠡᠯᠡᠭᠰᠡᠨ ᠴᠠᠭ᠄     2025/3/22     3 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠵᠠᠭᠤ ᠪᠥᠭᠡᠳ ᠳᠥᠷᠪᠡᠳᠦᠭᠡᠷ ᠬᠤᠷᠠᠯᠳᠤᠭᠠᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠪᠦᠬᠦ ᠨᠠᠮ ᠤᠨ ᠳᠣᠲᠣᠷ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ᠪᠣᠯᠤᠨ ᠳᠡᠭᠡᠳᠦ ᠱᠠᠲᠤᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ ᠪᠠᠲᠤᠯᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠣᠭᠰᠣᠴᠠ ᠪᠠᠨ ᠳᠡᠭᠡᠭᠰᠢᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ ᠬᠡᠷᠡᠭᠲᠡᠶ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠪᠣᠳᠠᠲᠠᠢ ᠦᠢᠯᠡᠳᠦᠯᠭᠡ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠲᠡᠢ ᠪᠠᠲᠤᠯᠠᠭ᠎ᠠ ᠮᠥᠨ ᠭᠡᠳᠡᠭ ᠢ ᠭᠦᠨᠵᠡᠭᠡᠢ ᠲᠠᠨᠢᠬᠤ ᠬᠡᠷᠡᠭᠲᠡᠢ᠃ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠠᠯᠲᠠ ᠪᠠᠨ ᠲᠣᠳᠣᠷᠬᠠᠶᠢᠯᠠᠨ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠠᠬᠢᠭᠤᠯᠬᠤ ᠬᠡᠷᠡᠭᠲᠡᠢ᠃ ︽ᠰᠤᠷᠤᠯᠴᠠᠬᠤ︾ ᠶᠢᠨ ᠤᠷᠢᠲᠠᠯ᠂ ︽ᠥᠭᠡᠷᠡᠴᠢᠯᠡᠬᠦ︾ ᠶᠢᠨ ᠵᠠᠩᠭᠢᠯᠠᠭ᠎ᠠ᠂ ︽ᠰᠣᠨᠣᠰᠬᠤ︾ ᠶᠢᠨ ᠰᠠᠭᠤᠷᠢ᠂ ︽ᠠᠭᠤᠰᠤᠯᠴᠠᠭᠤᠯᠬᠤ︾ ᠶᠢᠨ ᠭᠤᠤᠯᠳᠠᠯᠭ᠎ᠠ᠂ ︽ᠵᠠᠰᠠᠬᠤ︾ ᠶᠢᠨ ᠦᠨᠳᠦᠰᠦ ᠶᠢ ᠳᠣᠪᠤᠶᠢᠯᠭᠠᠵᠤ᠂ ᠦᠨᠡᠨ ᠪᠣᠳᠠᠲᠠᠶ᠂ ᠦᠨᠡᠨ ᠠᠴᠠ ᠵᠥᠪ ᠢ ᠡᠷᠢᠵᠦ᠂ ᠦᠨᠡᠨ ᠪᠣᠳᠠᠲᠠᠶ ᠪᠠᠶᠢᠵᠤ᠂ ︽ᠯᠠᠷᠵᠢᠶ᠎ᠠ ᠶᠠᠩᠪᠠ ᠲᠠᠲᠠᠬᠤ︾᠂ ᠥᠩᠭᠡᠨ ᠲᠠᠯ᠎ᠠ ᠶᠢᠨ ᠠᠵᠢᠯ ᠬᠢᠬᠦ ᠶᠢ ᠴᠡᠭᠡᠷᠯᠡᠵᠦ᠂ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠤᠷᠤᠭᠰᠢᠲᠠᠢ ᠥᠷᠨᠢᠬᠦ ᠶᠢ ᠬᠦᠴᠦᠲᠡᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷ ᠵᠠᠩᠭᠢᠯᠠᠭ᠎ᠠ ᠶᠢᠨ ᠴᠥᠭᠡᠨ ᠲᠣᠭᠠᠲᠠᠨ ᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠭᠦᠯᠡᠨ ᠦᠯᠢᠭᠡᠷ ᠳᠠᠭᠤᠷᠢᠶᠠᠯ ᠦᠵᠡᠭᠦᠯᠵᠦ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠤᠨ ᠰᠤᠷᠤᠯᠴᠠᠯᠭ᠎ᠠ ᠬᠥᠮᠦᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠬᠦᠳᠦᠯᠦᠨ ᠳᠠᠭᠠᠭᠤᠯᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ᠬᠠᠨᠳᠤᠯᠭᠠᠲᠤ ᠴᠢᠨᠠᠷᠲᠠᠶ ᠪᠠᠷ ᠱᠠᠯᠠᠪᠳᠠᠭᠤᠯᠤᠨ ᠠᠬᠢᠭᠤᠯᠬᠤ ᠠᠵᠢᠯ ᠢ ᠥᠷᠨᠢᠭᠦᠯᠵᠦ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠦᠨᠡᠨ ᠬᠦ ᠰᠠᠶᠢᠲᠤᠷ ᠭᠦᠶ᠋ᠴᠡᠳᠬᠡᠵᠦ᠂ ᠬᠤᠶᠠᠷ ᠲᠠᠯ᠎ᠠ ᠪᠠᠷ ᠠᠳᠬᠤᠬᠤ᠂ ᠬᠤᠶᠠᠷ ᠲᠠᠯ᠎ᠠ ᠪᠠᠷ ᠴᠢᠩᠭ᠎ᠠ ᠠᠳᠬᠤᠬᠤ ᠶᠢ ᠪᠡᠶᠡᠯᠡᠭᠦᠯᠵᠦ᠂ ᠪᠠᠲᠤ ᠴᠢᠩᠭ᠎ᠠ ᠤᠯᠤᠰ ᠲᠥᠷᠥ ᠶᠢᠨ ᠡᠭᠦᠷᠭᠡᠯᠡᠯ᠂ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ᠃
 
ᠢᠷᠡᠯᠲᠡ᠄ ᠲᠦᠴᠢᠶᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号