ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ  ᠵᠣᠬᠢᠶᠠᠯ ᠤᠨ ᠵᠥᠪᠯᠡᠯ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2025/3/27
             3 ᠰᠠᠷ᠎ᠠ ᠶᠢᠨ 20 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠣᠬᠢᠶᠠᠯᠴᠢᠳ ᠤᠨ  ᠡᠪᠯᠡᠯ ᠤᠨ ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠪᠠᠶᠢᠭᠤᠯᠤᠭᠳᠠᠵᠤ᠂ ᠬᠢᠩᠭᠠᠨ  ᠠᠶᠢᠮᠠᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠹᠧᠩ ᠬᠤᠸᠠ᠂ ᠬᠤᠷᠴᠢᠨ  ᠪᠠᠷᠠᠭᠤᠨ ᠭᠠᠷᠤᠨ ᠡᠮᠦᠨᠡᠲᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠡᠷᠬᠢᠯᠡᠭᠴᠢ ᠸᠠᠩ ᠵᠢᠶᠠ ᠪᠥᠸᠧ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ  ᠶᠤᠸᠠᠢ ᠰᠥᠩ ᠱᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ  ᠬᠡᠯᠲᠡᠰ ᠤᠨ ᠳᠠᠷᠤᠭ᠎ᠠ ᠮᠠ ᠨᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠬᠤᠷᠠᠯ ᠳᠤ  ᠣᠷᠣᠯᠴᠠᠵᠠᠶ᠃     ᠬᠤᠷᠠᠯ ᠠᠴᠠ ︽ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠵᠣᠬᠢᠶᠠᠯᠴᠢᠳ ᠤᠨ ᠡᠪᠯᠡᠯ ᠤᠨ  ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠤᠨ ᠬᠡᠷᠡᠭᠵᠢᠭᠦᠯᠬᠦ ᠲᠥᠰᠦᠯ︾ ᠢ ᠤᠩᠰᠢᠨ  ᠨᠡᠶᠢᠲᠡᠯᠡᠭᠰᠡᠨ ᠪᠥᠭᠡᠳ ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠤᠨ ᠫᠠᠶᠢᠰᠠ ᠶᠢ  ᠰᠡᠬᠦᠵᠦ᠂ ᠵᠥᠪᠯᠡᠭᠴᠢ ᠳᠤ ᠤᠷᠢᠯᠭ᠎ᠠ ᠶᠢᠨ ᠪᠢᠴᠢᠭ᠂ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠥᠯᠥᠭᠡᠯᠡᠭᠴᠢ ᠵᠢᠴᠢ  ᠰᠤᠷᠭᠠᠭᠤᠯᠢ ᠶᠢᠨ ᠬᠤᠪᠢᠶᠠᠷᠢ ᠬᠤᠷᠢᠶ᠎ᠠ ᠶᠢᠨ ᠳᠠᠷᠤᠭ᠎ᠠ᠂ ᠰᠤᠷᠤᠭᠴᠢᠳ ᠤᠨ ᠲᠥᠯᠥᠭᠡᠯᠡᠭᠴᠢ ᠶᠠᠷᠢᠶ᠎ᠠ ᠲᠠᠯᠪᠢᠵᠠᠢ᠃     ︽ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠤᠨ ᠪᠠᠶᠢᠭᠤᠯᠤᠭᠳᠠᠭᠰᠠᠨ ᠨᠢ ᠪᠢᠳᠡᠨ ᠳᠤ ᠵᠣᠬᠢᠶᠠᠨ ᠪᠢᠴᠢᠬᠦ  ᠤᠷ᠎ᠠ ᠳᠡᠮ ᠢ ᠰᠤᠷᠴᠤ᠂ ᠤᠳᠬ᠎ᠠ ᠵᠣᠬᠢᠶᠠᠯ ᠤᠨ ᠷᠢᠳᠢ ᠰᠢᠳᠢ ᠶᠢ ᠮᠡᠳᠡᠷᠡᠭᠦᠯᠬᠦ ᠲᠣᠬᠢᠶᠠᠯ ᠣᠯᠭᠤᠪᠠ᠂ ᠪᠢ ᠡᠨᠡᠬᠦ  ᠲᠠᠪᠴᠠᠩ ᠢ ᠨᠠᠨᠳᠢᠩᠨᠠᠵᠤ᠂ ᠵᠣᠬᠢᠶᠠᠨ ᠪᠢᠴᠢᠬᠦ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠵᠦ᠂ ᠨᠡᠩ ᠤᠯᠠᠨ ᠰᠠᠶᠢᠨ  ᠵᠣᠬᠢᠶᠠᠯ ᠪᠢᠴᠢᠨ᠎ᠠ︾ ᠭᠡᠵᠦ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠶᠠᠳᠤᠭᠠᠷ ᠪᠠᠭ᠎ᠠ  ᠰᠤᠷᠭᠠᠭᠤᠯᠢ ᠶᠢᠨ ᠰᠤᠷᠤᠭᠴᠢ ᠴᠢᠦ ᠲᠢᠶᠠᠨ ᠬᠡᠯᠡᠪᠡ᠃       ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠮᠠᠷᠠᠲᠤ ᠬᠢᠯᠢ ᠶᠢᠨ ᠪᠠᠭᠠᠴᠤᠳ ᠤᠨ ᠤᠳᠬ᠎ᠠ  ᠵᠣᠬᠢᠶᠠᠯ ᠤᠨ ᠵᠥᠪᠯᠡᠯ ᠤᠨ ᠪᠠᠶᠢᠭᠤᠯᠤᠭᠳᠠᠭᠰᠠᠨ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ  ᠰᠢᠨ᠎ᠡ ᠶᠢ ᠡᠭᠦᠳᠬᠦ ᠴᠢᠨᠠᠷᠲᠠᠶ ᠬᠥᠭᠵᠢᠯᠲᠡ ᠶᠢ ᠠᠬᠢᠭᠤᠯᠵᠤ᠂ ᠤᠮᠠᠷᠠᠲᠤ ᠬᠢᠯᠢ ᠶᠢᠨ ᠰᠣᠶᠣᠯ ᠢ ᠳᠡᠭᠡᠭᠰᠢᠯᠡᠭᠦᠯᠬᠦ  ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠵᠠᠯᠠᠭᠤᠴᠤᠳ ᠪᠠᠭᠠᠴᠤᠳ ᠤᠨ ᠥᠷᠲᠡᠭ ᠤᠨ ᠦᠵᠡᠯᠲᠡ ᠶᠢ ᠪᠣᠶ ᠪᠣᠯᠭᠠᠬᠤ  ᠠᠮᠢᠳᠤᠯᠢᠭ ᠦᠢᠯᠡᠳᠦᠯᠭᠡ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ  ᠴᠤᠭᠴᠠᠯᠠᠵᠤ᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠠᠬᠢᠭᠤᠯᠤᠭᠰᠠᠨ ᠰᠢᠨ᠎ᠡ ᠶᠢ  ᠡᠭᠦᠳᠦᠭᠰᠡᠨ ᠬᠡᠷᠡᠭ ᠤᠨ ᠵᠢᠱᠢᠶ᠎ᠡ ᠮᠥᠨ᠃ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠮᠠᠷᠠᠲᠤ  ᠬᠢᠯᠢ ᠶᠢᠨ ᠪᠠᠭᠠᠴᠤᠳ ᠤᠨ ᠤᠳᠬ᠎ᠠ ᠵᠣᠬᠢᠶᠠᠯ ᠤᠨ ᠵᠥᠪᠯᠡᠯ ᠤᠨ ᠬᠢᠨ ᠤᠯᠠᠨ ᠡᠰᠢᠲᠦ ᠠᠷᠭ᠎ᠠ ᠬᠡᠮᠵᠢᠶ᠎ᠡ ᠪᠠᠷ  ᠳᠠᠮᠵᠢᠭᠤᠯᠤᠨ᠂ ᠤᠯᠤᠰ ᠭᠡᠷ ᠤᠨ ᠬᠠᠶᠢᠷ᠎ᠠ ᠰᠡᠳᠬᠢᠯᠭᠡ ᠪᠠ ᠰᠣᠶᠣᠯ ᠤᠨ ᠢᠲᠡᠭᠡᠯ ᠢ ᠪᠦᠷᠢᠳᠦᠭᠦᠯᠦᠭᠰᠡᠨ ᠤᠳᠬ᠎ᠠ  ᠵᠣᠬᠢᠶᠠᠯ ᠤᠨ ᠰᠢᠨ᠎ᠡ ᠬᠦᠴᠦᠨ ᠢ ᠪᠤᠶᠢᠵᠢᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ  ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ  ᠪᠠᠶᠢᠭᠤᠯᠤᠯᠲᠠ ᠳᠤ ᠬᠦᠴᠦᠨ ᠨᠡᠮᠡᠷᠢᠯᠡᠬᠦ ᠪᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号