ᠢᠦᠢ ᠵᠢᠢ ᠱᠦᠨ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠶᠢᠨ ᠬᠡᠷᠡᠭ ᠮᠡᠳᠡᠭᠴᠢᠳ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠵᠢᠶᠦ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2025/3/27
        3 ᠰᠠᠷ᠎ᠠ ᠶᠢᠨ 21 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠵᠢᠶᠦ᠋ᠨ ᠲᠠᠢ ᠠᠭᠤᠯᠵᠠᠪᠠ᠃    ᠢᠦᠢ ᠵᠢᠢ ᠱᠦᠨ ᠴᠧᠨ ᠵᠢᠶᠠᠨ ᠵᠢᠶᠦ᠋ᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠢᠩᠭᠠᠨ ᠠᠶᠢᠮᠠᠭ ᠲᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠤᠢᠢᠷ᠎ᠠ ᠶᠢᠨ ᠵᠢᠯ ᠠᠴᠠ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠬᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠨ ᠳᠡᠮᠵᠢᠯᠭᠡ ᠦᠵᠡᠭᠦᠯᠵᠦ᠂ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠵᠠᠢ᠃ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠵᠣᠯᠭᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠳᠣᠣᠷ᠎ᠠ ᠠᠭᠠᠷ ᠤᠨ ᠵᠤᠭᠠᠴᠠᠯ᠂ ᠳᠣᠣᠷ᠎ᠠ ᠠᠭᠠᠷ ᠤᠨ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ︽ᠶᠡᠭᠡ ᠵᠠᠮ ᠬᠠᠷᠢᠯᠴᠠᠭ᠎ᠠ︾᠂ ︽ᠪᠦᠬᠦ ᠣᠷᠣᠨ ᠪᠦᠰᠡ ᠶᠢᠨ ᠵᠠᠮ ᠬᠠᠷᠢᠯᠴᠠᠭ᠎ᠠ︾ ᠶᠢᠨ ᠰᠢᠨ᠎ᠡ ᠪᠠᠶᠢᠷᠢᠰᠢᠯ ᠢ ᠬᠠᠮᠲᠤᠪᠠᠷ ᠪᠠᠶᠢᠭᠤᠯᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠬᠠᠷᠢᠯᠴᠠᠨ ᠠᠰᠢᠭᠲᠠᠢ ᠪᠠᠶᠢᠬᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠴᠧᠨ ᠵᠢᠶᠠᠨ ᠵᠢᠶᠦ᠋ᠨ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠯᠦᠭᠯᠡᠯ ᠺᠣᠮᠫᠠᠨᠢ ᠣᠷᠣᠨ ᠨᠤᠲᠤᠭ ᠤᠨ ᠬᠥᠭᠵᠢᠯᠲᠡ ᠶᠢᠨ ᠶᠡᠭᠡ ᠲᠠᠯ᠎ᠠ ᠳᠤ ᠪᠥᠬᠦ ᠬᠦᠴᠦᠨ ᠢᠶᠠᠷ ᠢᠶᠠᠨ ᠰᠠᠶᠢᠲᠤᠷ  ᠦᠢᠯᠡᠴᠢᠯᠡᠵᠦ᠂ ᠲᠥᠷᠥᠯ  ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠰᠣᠳᠣᠨ ᠢᠨᠵᠧᠨᠧᠷᠢᠩ᠂ ᠥᠯᠢᠭᠡᠷ ᠳᠠᠭᠤᠷᠢᠶᠠᠯ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ ᠭᠡᠵᠡᠶ᠃    ᠠᠶᠢᠮᠠᠭ ᠤᠨ ᠤᠳᠤᠷᠢᠳᠤᠯᠭ᠎ᠠ ᠯᠢᠶᠠᠩ ᠶᠠᠨ ᠵᠢᠶᠦ᠋ᠨ᠂ ᠰᠦᠨ ᠱᠦ ᠲᠤᠤ ᠵᠢᠴᠢ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠦᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号