ᠮᠢᠩ ᠱᠦᠢ ᠾᠧ ᠪᠠᠯᠭᠠᠰᠤ 2025 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/27
     ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠴᠢᠨᠠᠷ ᠰᠠᠶᠢᠲᠠᠶ ᠥᠷᠨᠢᠬᠦᠯᠬᠦ ᠶᠢᠨ ᠲᠥᠯᠥᠭᠡ᠂ 3 ᠰᠠᠷ᠎ᠠ ᠶᠢᠨ 12 ᠤᠨ ᠡᠳᠦᠷ᠂ ᠷᠠᠰᠢᠶᠠᠨ ᠬᠤᠳᠠ ᠶᠢᠨ ᠮᠢᠩ ᠱᠦᠶ ᠾᠧ ᠪᠠᠯᠭᠠᠰᠤ 2025 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠵᠢᠴᠢ ᠨᠠᠮ ᠤᠨ ᠠᠵᠢᠯ ᠤᠨ ᠠᠵᠢᠯᠲᠠᠨ ᠬᠤᠷᠠᠯ ᠳᠤ ᠣᠷᠣᠯᠴᠠᠪᠠ᠃ ᠬᠤᠷᠠᠯ ᠳᠡᠭᠡᠷ᠎ᠡ᠂ ᠡᠩ ᠲᠡᠷᠢᠭᠦᠨ ᠳᠤ ︽ᠷᠠᠰᠢᠶᠠᠨ ᠬᠤᠲᠠ ᠶᠢᠨ 2025 ᠣᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ︾ ᠶᠢ ᠤᠯᠠᠮᠵᠢᠯᠠᠨ ᠰᠤᠷᠤᠯᠴᠠᠪᠠ᠃ ᠬᠤᠷᠠᠯ ᠳᠤ ᠣᠷᠣᠯᠴᠠᠭᠰᠠᠳ ᠭᠤᠤᠯᠳᠠᠯᠭ᠎ᠠ ᠳᠠᠬᠢ ᠭᠤᠤᠯ ᠠᠭᠤᠯᠭ᠎ᠠ ᠪᠠ ᠵᠠᠩᠭᠢᠯᠠᠭ᠎ᠠ ᠶᠢᠨ ᠡᠭᠦᠷᠭᠡ ᠶᠢᠨ ᠲᠣᠭᠤᠷᠢᠨ ᠳᠤ ᠭᠦᠨᠵᠡᠭᠡᠶ ᠵᠠᠳᠠᠯᠤᠯᠲᠠ ᠬᠢᠵᠦ᠂ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠳᠡᠬᠦ ᠪᠠᠷ ᠴᠢᠷᠮᠠᠶᠢᠪᠠ᠃ ᠬᠤᠷᠠᠯ ᠠᠴᠠ ᠪᠦᠬᠦ ᠤᠳᠤᠷᠢᠳᠬᠤ ᠪᠠᠭ ᠤᠨ ᠪᠦᠷᠢᠯᠳᠦᠬᠦᠨ ᠢ ︽ᠭᠤᠣᠯᠳᠠᠯᠭ᠎ᠠ︾ ᠶᠢᠨ ᠤᠬᠢ ᠰᠣᠳᠣ ᠶᠢ ᠭᠦᠨᠵᠡᠭᠡᠢ ᠣᠶᠢᠯᠠᠭᠠᠵᠤ᠂ ᠲᠡᠭᠦᠨ ᠢ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠠᠵᠢᠯᠯᠠᠭᠠᠨ ᠤ ᠵᠦᠭᠯᠡᠭᠦᠷ ᠪᠣᠯᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠢ ᠰᠢᠤᠸᠠᠢ ᠳ᠋ᠦᠩ ᠬᠤᠷᠠᠯ ᠳᠡᠭᠡᠷ᠎ᠡ 2025 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠲᠡᠷᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号