︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠭᠠᠭᠤᠯᠤᠨ ᠬᠥᠭᠵᠢᠯᠲᠡ ᠶᠢᠨ | ᠦᠢᠯᠡᠳᠦᠯᠭᠡ ᠳᠤ ᠭᠦᠨᠵᠡᠭᠡᠢ ᠠᠭᠤᠰᠤᠯᠴᠠᠭᠤᠯᠬᠤ ᠶᠢᠨ ᠲᠥᠯᠥᠭᠡ᠂ ᠣᠶᠢᠷ᠎ᠠ ᠳᠤ᠂ ᠰᠢᠨᠠᠵᠠᠮ ᠰᠤᠮᠤ ᠡᠯ᠎ᠡ | ᠭᠠᠴᠠᠭᠠᠨ ᠤ 30 ᠭᠠᠷᠤᠢ ᠲᠡᠵᠢᠭᠡᠨ ᠦᠷᠡᠵᠢᠭᠦᠯᠬᠦ ᠡᠷᠦᠬᠡ ᠶᠢ ᠵᠣᠬᠢᠶᠠᠨ ᠪᠠᠶᠢᠭᠤᠯᠵᠤ ᠲᠦᠴᠢᠦᠸᠠᠨ ᠰᠢᠶᠠᠨ ᠤ | ᠰᠢᠶᠠᠩ ᠶᠠᠩ ᠨᠡᠶᠢᠭᠡᠮ ᠲᠣᠭᠤᠷᠢᠭ ᠤᠨ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠲᠤ ᠬᠦᠷᠴᠦ ᠰᠢᠨᠵᠢᠯᠡᠬᠦ | ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠨᠡᠶᠢᠯᠡᠮᠡᠯ ᠬᠦᠴᠦᠨ ᠢ ᠤᠯᠠᠮ | ᠨᠢᠭᠡ ᠠᠯᠬᠤᠮ ᠨᠢᠭᠲᠠᠷᠠᠭᠤᠯᠪᠠ᠃ ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠰᠢᠶᠠᠩ ᠶᠠᠩ ᠨᠡᠶᠢᠭᠡᠮ | ᠲᠣᠭᠤᠷᠢᠭ ᠤᠨ ᠲᠡᠵᠢᠭᠡᠨ ᠦᠷᠡᠵᠢᠭᠦᠯᠬᠦ ᠲᠤᠰᠬᠠᠢ ᠡᠷᠦᠬᠡ ᠶᠢᠨ ᠦᠬᠡᠷ ᠬᠤᠨᠢ ᠶᠢ ᠰᠢᠨᠵᠢᠯᠡᠬᠦ ᠤᠬᠠᠭᠠᠨᠴᠢ ᠪᠠᠷ | ᠠᠷᠠᠴᠢᠯᠠᠨ ᠲᠡᠵᠢᠭᠡᠬᠦ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠡᠭᠦᠯᠳᠡᠷ ᠰᠠᠶᠢᠵᠢᠷᠠᠭᠤᠯᠬᠤ ᠵᠡᠷᠭᠡ | ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ ᠲᠤᠬᠠᠢ ᠶᠢᠨ ᠲᠠᠯᠠᠪᠠᠢ ᠳᠤ ᠬᠢᠴᠢᠶᠡᠯ ᠣᠷᠣᠵᠤ᠂ ︽ᠣᠨᠣᠯ | ᠲᠠᠶᠢᠯᠪᠤᠷᠢᠯᠠᠵᠤ ᠪᠣᠳᠠᠲᠠᠢ ᠪᠣᠯᠪᠠᠰᠤᠷᠠᠬᠤ ᠦᠵᠡᠭᠦᠯᠭᠡ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠣᠳᠣ ᠦᠶ᠎ᠡ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠢ | ᠡᠵᠡᠮᠰᠢᠭᠦᠯᠪᠡ᠃ ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ ᠪᠠᠰᠠ ᠬᠠᠷᠢᠯᠴᠠᠨ ᠬᠥᠳᠡᠯᠦᠯᠴᠡᠬᠦ ᠠᠰᠠᠭᠤᠯᠲᠠ | ᠬᠠᠷᠢᠭᠤᠯᠲᠠ ᠶᠢᠨ ᠭᠤᠭᠴᠤᠭ᠎ᠠ ᠭᠠᠷᠭᠠᠵᠤ᠂ ᠡᠯ᠎ᠡ ᠭᠠᠴᠠᠭᠠᠨ ᠤ ᠲᠡᠵᠢᠭᠡᠨ ᠦᠷᠡᠵᠢᠭᠦᠯᠬᠦ ᠡᠷᠦᠬᠡ ᠢᠳᠡᠪᠬᠢᠲᠡᠢ ᠪᠠᠷ | ᠠᠰᠠᠭᠤᠯᠲᠠ ᠠᠰᠠᠭᠤᠵᠤ᠂ ᠨᠢᠭᠡᠳ ᠨᠢᠭᠡ ᠪᠠᠷ ᠬᠠᠷᠢᠭᠤᠯᠲᠠ ᠥᠭᠴᠦ᠂ ᠲᠤᠬᠠᠢ ᠶᠢᠨ ᠲᠠᠯᠠᠪᠠᠢ ᠶᠢᠨ ᠠᠭᠤᠷ | ᠠᠮᠢᠰᠬᠤᠯ ᠬᠥᠷ ᠬᠥᠭᠵᠢᠶᠡᠨ ᠲᠠᠢ ᠪᠠᠶᠢᠯ᠎ᠠ᠃ ᠳᠠᠷᠠᠭᠠᠴᠢ ᠶᠢᠨ ᠠᠯᠬᠤᠮ ᠳᠤ᠂ ᠰᠢᠨᠠᠵᠠᠮ ᠰᠤᠮᠤ ᠦᠨᠳᠦᠰᠦᠲᠡᠨ ᠤ | ᠪᠦᠯᠬᠦᠮᠳᠡᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ ᠶᠢ | ᠬᠦᠴᠦᠯᠡᠨ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠪᠣᠯᠤᠨ ᠦᠢᠯᠡᠰ ᠪᠤᠰᠬᠠᠬᠤ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠡᠬᠢ ᠪᠠᠶᠠᠯᠢᠭ ᠢ ᠴᠢᠨᠠᠭᠰᠢᠳᠠ ᠨᠡᠶᠢᠳᠬᠡᠵᠦ᠂ ᠪᠣᠯᠪᠠᠰᠤᠷᠠᠯ ᠤᠨ | ᠠᠭᠤᠯᠭ᠎ᠠ ᠪᠣᠯᠤᠨ ᠬᠡᠯᠪᠡᠷᠢ ᠶᠢ ᠪᠠᠶᠠᠯᠢᠭᠵᠢᠭᠤᠯᠵᠤ᠂ ᠣᠷᠣᠨ ᠨᠤᠲᠤᠭ ᠤᠨ ᠣᠨᠴᠠᠯᠢᠭ ᠲᠠᠢ ᠬᠥᠳᠡᠭᠡ ᠲᠣᠰᠬᠤᠨ ᠤ | ᠠᠵᠤ ᠦᠢᠯᠡᠰ ᠤᠨ ᠲᠦᠷᠦᠯ ᠲᠡᠮᠳᠡᠭ ᠢ ᠡᠭᠦᠳᠴᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ |