ᠬᠢᠨᠭ᠍ᠭᠠᠨ ᠠᠶᠢᠮᠠᠬ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠦᠪ ᠤᠨ ᠦᠢᠯᠡᠳᠤᠯ ᠴᠢᠳᠠᠪᠬᠢ ᠶᠢ ᠬᠦᠢᠴᠡᠳ ᠪᠠᠳᠠᠷᠠᠭᠤᠯᠤᠨ ᠦᠨᠳᠦᠰᠤᠨ ᠱᠠᠳᠤᠨ ᠤ ᠵᠠᠰᠠᠯᠳᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/3/27
      ᠵᠢᠯ ᠤᠨ ᠡᠬᠢᠨ ᠠᠴᠠ ᠨᠠᠭᠠᠰᠢ᠂ ᠬᠢᠩᠭᠠᠨ ᠠᠶᠢᠮᠠᠭ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠤᠨ ᠦᠢᠯᠡᠳᠤᠯ ᠴᠢᠳᠠᠮᠵᠢ ᠶᠢᠨ ᠬᠡᠷᠡᠭᠯᠡᠯᠲᠡ ᠶᠢᠨ ᠨᠣᠷᠮ᠎ᠠ ᠥᠨᠳᠥᠷ ᠪᠤᠰᠤ᠂ ᠦᠢᠯᠡᠴᠢᠯᠡᠭᠡᠨ ᠤ ᠴᠢᠳᠠᠮᠵᠢ ᠴᠢᠩᠭ᠎ᠠ ᠪᠤᠰᠤ᠂ ᠣᠯᠠᠨ ᠲᠦᠮᠡᠨ ᠤ ᠤᠷᠮ᠎ᠠ ᠵᠣᠷᠢᠭ ᠬᠦᠷᠦᠯᠴᠡᠬᠦ ᠥᠬᠡᠶ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠲᠠᠯᠠᠪᠤᠷ ᠭᠠᠵᠠᠷ ᠢ ᠪᠠᠶᠢᠩᠭᠤ ᠬᠡᠷᠡᠭᠯᠡᠬᠦ᠂ ᠦᠢᠯᠡᠴᠢᠯᠡᠭᠡ ᠶᠢ ᠪᠠᠶᠢᠩᠭᠤ ᠠᠳᠬᠤᠬᠤ᠂ ᠠᠵᠢᠯᠯᠠᠭ᠎ᠠ ᠶᠢ ᠪᠠᠶᠢᠩᠭᠤ ᠦᠷᠨᠢᠬᠦᠯᠬᠦ᠂ ᠣᠯᠠᠨ ᠲᠦᠮᠡᠨ ᠢ ᠤᠷᠤᠯᠴᠠᠭᠤᠯᠬᠤ︾ ᠪᠠᠷ ᠭᠤᠤᠯ ᠠᠭᠤᠯᠭ᠎ᠠ ᠪᠣᠯᠭᠠᠭᠰᠠᠨ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠤᠨ ︽ᠳᠥᠷᠪᠡᠨ ᠪᠠᠶᠢᠩᠭᠤ︾ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ︽ᠲᠠᠯᠠᠪᠤᠷ ᠭᠠᠵᠠᠷ ᠢ ᠪᠠᠶᠢᠩᠭᠤ ᠬᠡᠷᠡᠭᠯᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠤᠨ ᠵᠢᠭᠰᠠᠭᠠᠯ ᠤᠨ ᠭᠠᠵᠠᠷ ᠢ ᠵᠢᠷᠤᠮᠵᠢᠭᠤᠯᠤᠨ ᠪᠠᠶᠢᠭᠤᠯᠬᠤ᠂ ᠪᠠᠶᠢᠷᠢᠰᠢᠭᠤᠯᠤᠯ ᠢ ᠰᠢᠯᠢᠳᠡᠭᠵᠢᠭᠦᠯᠬᠦ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠳᠡᠭᠡᠷ᠎ᠡ ᠬᠦᠴᠦ ᠲᠠᠯᠪᠢᠪᠡ᠃ ᠪᠥᠬᠦ ᠠᠶᠢᠮᠠᠭ ᠤᠨ 15 ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠢ ᠥᠭᠡᠷᠡᠴᠢᠯᠡᠨ ᠲᠠᠰ ᠳᠡᠪᠰᠢᠭᠦᠯᠵᠦ᠂ ᠪᠠᠷᠢᠯᠭ᠎ᠠ ᠶᠢᠨ ᠲᠠᠯᠠᠪᠠᠶ ᠨᠢ ᠪᠠᠷᠢᠮᠵᠢᠶ᠎ᠠ ᠳᠤ ᠡᠰᠡ ᠭᠦᠷᠦᠭᠰᠡᠨ ᠪᠠᠶᠢᠳᠠᠯ ᠳᠤ ᠴᠢᠭᠯᠡᠭᠦᠯᠦᠨ᠂ ︽ᠨᠢᠭᠡ ᠭᠠᠵᠠᠷ ᠲᠤ ᠨᠢᠭᠡ ᠠᠷᠭ᠎ᠠ ᠪᠤᠳᠤᠯᠭ᠎ᠠ︾ ᠶᠢ ᠠᠪᠴᠦ᠂ ᠰᠢᠨ᠎ᠡ ᠪᠠᠷ ᠪᠠᠶᠢᠭᠤᠯᠬᠤ᠂ ᠰᠣᠯᠢᠬᠤ ᠪᠤᠶᠤ ᠥᠭᠡᠷᠡᠴᠢᠯᠡᠵᠦ ᠥᠷᠭᠡᠳᠭᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠵᠢᠷᠤᠮᠵᠢᠭᠤᠯᠤᠨ ᠪᠦᠬᠦᠨ ᠢ ᠪᠠᠷᠢᠮᠵᠢᠶ᠎ᠠ ᠳᠤ ᠬᠦᠷᠭᠡᠵᠠᠢ᠃ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠤᠨ ᠵᠢᠭᠰᠠᠭᠠᠯ ᠤᠨ ᠭᠠᠵᠠᠷ ᠤᠨ ᠴᠢᠳᠠᠮᠵᠢᠲᠦ ᠣᠷᠣᠨ ᠢ ᠵᠦᠶ ᠵᠣᠬᠢᠰᠲᠠᠶ ᠬᠤᠪᠢᠶᠠᠷᠢᠯᠠᠵᠤ᠂ ᠤᠯᠠᠨ ᠲᠦᠮᠡᠨ ᠳᠤ ᠲᠥᠬᠦᠮ ᠦᠵᠡᠭᠦᠯᠬᠦ ᠴᠢᠳᠠᠮᠵᠢᠲᠦ ᠣᠷᠣᠨ ᠢ ᠰᠢᠨ᠎ᠡ ᠪᠠᠷ 1793 ᠨᠡᠮᠡᠵᠦ ᠪᠠᠶᠢᠭᠤᠯᠤᠬᠰᠠᠨ ᠪᠠᠶᠢᠨ᠎ᠠ᠃ ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠢ ᠶᠢᠨ ᠵᠥᠪᠯᠡᠯ ᠵᠡᠷᠭᠡ ᠶᠢ ᠨᠢᠭᠡ ᠴᠣᠭᠴᠠᠵᠢᠭᠤᠯᠤᠨ ᠠᠵᠢᠯᠯᠠᠭᠤᠯᠬᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠠᠵᠢᠯᠯᠠᠭᠴᠢ᠂ ᠰᠢᠨ᠎ᠡ ᠠᠵᠢᠯ ᠣᠯᠭᠤᠬᠤ ᠬᠠᠮᠲᠤᠯᠢᠭ ᠵᠡᠷᠭᠡ ᠣᠯᠠᠨ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠡᠬᠢ ᠪᠠᠶᠠᠯᠢᠭ ᠢ ᠬᠠᠮᠲᠤ ᠪᠠᠷ ᠬᠡᠷᠡᠭᠯᠡᠬᠦ ᠪᠠ ᠦᠢᠯᠡᠴᠢᠯᠡᠭᠡᠨ ᠢ ᠵᠣᠯᠭᠠᠭᠤᠯᠬᠤ ᠶᠢ ᠠᠬᠢᠭᠤᠯᠪᠡ᠃ ᠣᠯᠠᠨ ᠨᠡᠶᠢᠲᠡ ᠶᠢᠨ ᠬᠡᠷᠡᠭᠯᠡᠭᠡᠨ ᠤ ᠬᠡᠷ ᠪᠠᠶᠢᠰᠢᠩ᠂ ᠠᠳᠠᠯ ᠠᠬᠤᠶ ᠶᠢᠨ ᠠᠵᠤ ᠠᠬᠤᠶᠢᠯᠠᠯ ᠵᠢᠴᠢ ᠰᠤᠯᠠ ᠪᠠᠶᠢᠭ᠎ᠠ ᠲᠠᠯᠠᠪᠤᠷ ᠭᠠᠵᠠᠷ ᠵᠡᠷᠭᠡ ᠡᠬᠢ ᠪᠠᠶᠠᠯᠢᠭ ᠢ ᠵᠤᠬᠢᠰᠳᠠᠢ ᠠᠰᠢᠭᠯᠠᠵᠦ᠂ ︽ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ︾ ᠵᠡᠷᠭᠡ ᠤᠯᠠᠨ ᠲᠦᠮᠡᠨ ᠳᠤ ᠲᠥᠬᠦᠮ ᠦᠵᠡᠭᠦᠯᠬᠦ 319 ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ᠨᠢᠭᠡᠳᠦᠯᠲᠡᠶ ᠲᠥᠯᠥᠪᠯᠡᠨ ᠬᠠᠮᠲᠤ ᠪᠠᠷ ᠪᠠᠶᠢᠭᠤᠯᠵᠤ᠂ ᠲᠠᠯᠠᠪᠤᠷ ᠭᠠᠵᠠᠷ ᠤᠨ ᠬᠠᠮᠲᠤ ᠪᠠᠷ ᠬᠡᠷᠡᠭᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠦᠭᠰᠡᠨ ᠪᠠᠶᠢᠨ᠎ᠠ᠃ ︽ᠦᠢᠯᠡᠴᠢᠯᠡᠭᠡ ᠶᠢ ᠪᠠᠶᠢᠩᠭᠤ ᠠᠳᠬᠤᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠵᠦᠢᠯᠡᠰ ᠢ ᠵᠢᠷᠤᠮᠵᠢᠭᠤᠯᠬᠤ᠂ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠬᠤ ᠪᠠ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠵᠠᠢ᠃ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ᠂ ᠲᠣᠰᠬᠤᠨ ᠨᠡᠶᠢᠭᠡᠮ ᠳᠤᠭᠤᠷᠢᠬ ᠤᠨ ᠬᠤᠶᠠᠷ ᠱᠠᠲᠤᠨ ᠤ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠨᠢ ᠳᠤᠬᠠᠢ ᠶᠢᠨ ᠭᠠᠵᠠᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠢᠳᠡᠪᠬᠢᠲᠡᠶ ᠤᠷᠢᠵᠤ ᠣᠯᠠᠨ ᠲᠦᠮᠡᠨ ᠳᠤ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠯᠲᠠ ᠶᠢᠨ ᠯᠠᠪᠯᠠᠭ᠎ᠠ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠨᠠᠷᠢᠯᠢᠭ ᠦᠢᠯᠡᠴᠢᠯᠡᠭᠡ 7333 ᠤᠳᠠᠭ᠎ᠠ ᠬᠠᠩᠭᠠᠪᠠ᠃ ︽ᠲᠣᠣᠷᠵᠢᠭᠤᠯᠤᠬᠴᠢ ᠶᠢᠨ ᠬᠠᠷᠢᠭᠤᠴᠠᠯᠭ᠎ᠠ ᠶᠢᠨ ᠲᠣᠭᠤᠷᠢᠭ︾ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ︽ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ︾ ᠶᠢ ᠰᠢᠨ᠎ᠡ ᠪᠠᠷ 1000 ᠭᠠᠷᠤᠢ ᠲᠤᠬᠢᠷᠠᠭᠤᠯᠵᠦ᠂ ᠨᠠᠮ ᠤᠨ ᠭᠡᠰᠢᠭᠦᠨ ᠢ ᠬᠦᠳᠦᠯᠦᠨ ᠵᠢᠯᠣᠭᠤᠳᠴᠤ ᠪᠠᠶᠢᠭᠠᠳ ᠤᠯᠠᠨ ᠲᠦᠮᠡᠨ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠤᠯᠠᠨ ᠲᠦᠮᠡᠨ ᠳᠤ ᠦᠢᠯᠡᠴᠢᠯᠡᠭᠦᠯᠦᠭᠰᠡᠨ ᠪᠠᠶᠢᠨ᠎ᠠ᠃ ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠤᠨ ᠶᠡᠭᠡ ᠲᠢᠩᠬᠢᠮ ᠳᠤ ︽ᠨᠢᠭᠡ ᠴᠤᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠶᠡᠷᠦᠩᠬᠡᠶᠢᠯᠡᠭᠰᠡᠨ ᠦᠢᠯᠡᠴᠢᠯᠡᠭᠡ︾ ᠶᠢᠨ ᠴᠤᠩᠬᠤᠪᠴᠢ ᠭᠠᠷᠭᠠᠵᠤ᠂ ᠰᠦᠯᠵᠢᠶᠡᠨ ᠳᠡᠭᠡᠷ᠎ᠡ ᠪᠣᠯᠵᠣᠬᠤ᠂ ᠰᠦᠯᠵᠢᠶᠡᠨ ᠳᠡᠭᠡᠷ᠎ᠡ ᠭᠦᠢᠴᠡᠳᠭᠡᠬᠦ ᠵᠡᠷᠭᠡ ᠴᠢᠳᠠᠮᠵᠢ ᠶᠢ ᠬᠦᠢᠴᠡᠳ ᠪᠠᠳᠠᠷᠠᠭᠤᠯᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠪᠡ᠃ ᠣᠳᠣᠬᠠᠨ ᠪᠣᠯᠲᠠᠯ᠎ᠠ᠂ ᠨᠡᠶᠢᠲᠡ 7.6 ᠲᠦᠮᠡ ᠭᠠᠷᠤᠶ ᠬᠥᠮᠦᠨ ᠤᠳᠠᠭ᠎ᠠ ᠳᠤ ᠦᠢᠯᠡᠴᠢᠯᠡᠵᠦ᠂ 1.6 ᠲᠦᠮᠡ ᠭᠠᠷᠤᠶ ᠬᠦᠴᠢᠷ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠬᠦᠯᠪᠠ᠃ ︽ᠠᠵᠢᠯᠯᠠᠭ᠎ᠠ ᠶᠢ ᠪᠠᠶᠢᠩᠭᠤ ᠦᠷᠨᠢᠬᠦᠯᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠲᠠᠢ ᠤᠢᠢᠷᠠᠳᠬᠤ᠂ ᠤᠯᠠᠨ ᠲᠦᠮᠡᠨ ᠢ ᠨᠢᠭᠲᠠᠷᠠᠭᠤᠯᠬᠤ ᠳᠡᠭᠡᠷ᠎ᠡ ᠬᠦᠴᠦ ᠲᠠᠯᠪᠢᠵᠠᠢ᠃ ᠣᠯᠠᠨ ᠲᠦᠮᠡᠨ ᠤ ᠬᠥᠮᠦᠵᠢᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠡᠷᠭᠢᠯᠡᠨ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾᠂ ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠵᠡᠷᠭᠡ ᠬᠥᠮᠦᠵᠢᠯ ᠤᠨ ᠠᠵᠢᠯᠯᠠᠭ᠎ᠠ ᠶᠢ 3829 ᠤᠳᠠᠭ᠎ᠠ ᠥᠷᠨᠢᠭᠦᠯᠦᠭᠰᠡᠨ ᠪᠠᠶᠢᠨ᠎ᠠ᠃ ᠰᠣᠶᠣᠯ ᠴᠡᠩᠭᠡᠯ ᠤᠨ ᠠᠵᠢᠯᠯᠠᠭ᠎ᠠ ᠶᠢ ᠪᠠᠶᠢᠩᠭᠤᠵᠢᠭᠤᠯᠤᠨ ᠡᠷᠬᠢᠯᠡᠵᠦ᠂ ᠤᠯᠠᠮᠵᠢᠯᠠᠯᠲᠤ ᠪᠠᠶᠠᠷ ᠳᠤᠷᠠᠰᠬᠠᠯ ᠤᠨ ᠡᠳᠦᠷ ᠤᠨ ᠬᠤᠭᠤᠴᠠᠭᠠᠨ ᠳᠤ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠡᠯᠪᠡᠭ ᠠᠭᠤᠯᠭ᠎ᠠ ᠪᠦᠬᠦᠢ ᠠᠷᠠᠳ ᠤᠨ ᠵᠠᠩ ᠦᠢᠯᠡ᠂ ᠰᠣᠶᠣᠯ ᠴᠡᠩᠭᠡᠯ᠂ ᠪᠡᠶ᠎ᠡ ᠶᠢᠨ ᠲᠠᠮᠢᠷ᠂ ᠪᠡᠶ᠎ᠡ ᠴᠢᠭᠢᠷᠠᠭᠵᠢᠭᠤᠯᠬᠤ ᠵᠡᠷᠭᠡ ᠠᠵᠢᠯᠯᠠᠭ᠎ᠠ ᠶᠢ ᠥᠷᠨᠢᠭᠦᠯᠪᠡ᠃ ᠡᠬᠦᠨ ᠠᠴᠠ ᠭᠠᠳᠠᠨ᠎ᠠ ᠪᠠᠰᠠ ᠭᠠᠴᠠᠭ᠎ᠠ ᠲᠣᠰᠬᠤᠨ ᠤ ᠰᠠᠭᠤᠭᠠᠯᠢ ᠠᠷᠠᠳ ᠤᠨ ᠮᠡᠳᠡᠭᠡ ᠵᠠᠩᠭᠢ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠨᠠᠰᠤᠲᠠᠶᠢᠴᠤᠳ᠂ ᠵᠡᠮᠳᠡᠭᠴᠦᠳ ᠂ ᠬᠦᠴᠢᠷᠳᠡᠯᠲᠡᠶ ᠬᠡᠷ ᠪᠦᠯᠢ ᠵᠡᠷᠭᠡ ᠣᠨᠴᠠᠭᠠᠶ ᠪᠦᠯᠬᠦᠮ ᠨᠡᠶᠢᠳᠠ ᠶᠢᠨ 4.9 ᠲᠦᠮᠡ ᠭᠠᠷᠤᠶ ᠬᠥᠮᠦᠨ ᠢ ᠭᠤᠤᠯᠳᠠᠯᠭ᠎ᠠ ᠲᠠᠢ ᠠᠩᠬᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠪᠰᠤᠷᠤᠨ ᠳᠡᠮᠵᠢᠵᠦ ᠪᠤᠯᠭᠤᠭᠠᠨ ᠲᠣᠬᠤᠨᠢᠭᠤᠯᠵᠤ᠂ ᠠᠮᠢᠳᠤᠷᠠᠯ ᠤᠨ ᠪᠠᠶᠢᠳᠠᠯ ᠪᠠ ᠬᠦᠴᠢᠷᠳᠡᠯ ᠬᠡᠷᠡᠭᠴᠡᠭᠡ ᠱᠠᠭᠠᠷᠳᠠᠯᠭ᠎ᠠ ᠶᠢ ᠤᠶᠢᠯᠠᠭᠠᠨ᠂ ᠨᠡᠶᠢᠲᠡ 4488 ᠤᠳᠠᠭ᠎ᠠ ᠬᠠᠯᠠᠮᠵᠢᠯᠠᠯ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃ ︽ᠣᠯᠠᠨ ᠲᠦᠮᠡᠨ ᠢ ᠤᠷᠤᠯᠴᠠᠭᠤᠯᠬᠤ︾ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠥᠪᠡᠷᠲᠡᠭᠡᠨ ᠵᠠᠰᠠᠬᠤ᠂ ᠬᠠᠮᠲᠤ ᠪᠠᠷ ᠵᠠᠰᠠᠵᠤ ᠬᠠᠮᠲᠤ ᠪᠠᠷ ᠬᠠᠮᠢᠶᠠᠷᠬᠤ ᠶᠢ ᠤᠷᠮᠠᠰᠢᠭᠤᠯᠬᠤ ᠲᠣᠭᠲᠠᠴᠠ ᠶᠢ ᠡᠬᠦᠳᠬᠦ ᠳᠡᠭᠡᠷ᠎ᠡ ᠬᠦᠴᠦ ᠲᠠᠯᠪᠢᠵᠠᠢ᠃ ᠭᠠᠴᠠᠭ᠎ᠠ ᠲᠣᠰᠬᠤᠨ ᠤ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠪᠠ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠵᠥᠪᠳᠡᠯᠴᠡᠬᠦ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠵᠦ᠂ ᠭᠠᠴᠠᠭ᠎ᠠ ᠲᠣᠰᠬᠤᠨ ᠤ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠨᠡᠶᠢᠲᠡ ᠶᠢᠨ ᠬᠡᠷᠡᠭ ᠶᠠᠪᠤᠳᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ 1716 ᠤᠳᠠᠭ᠎ᠠ ᠣᠷᠣᠯᠴᠠᠭᠤᠯᠵᠤ᠂ 1319 ᠵᠦᠢᠯ ᠤᠨ ᠲᠦᠪᠡᠭᠲᠡᠶ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠣᠯᠠᠨ ᠲᠦᠮᠡᠨ ᠤ ᠳᠤᠮᠳᠠ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠥᠪᠡᠷᠲᠡᠭᠡᠨ ᠵᠠᠰᠠᠬᠤ ᠳᠤ ᠣᠷᠣᠯᠴᠠᠬᠤ ᠬᠠᠯᠠᠭᠤᠨ ᠰᠡᠳᠭᠢᠯᠭᠡ ᠪᠠᠷ ᠥᠨᠳᠥᠷ᠂ ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠪᠠᠷ ᠴᠢᠩᠭ᠎ᠠ ᠣᠯᠠᠨ ᠲᠦᠮᠡᠨ ᠤ ᠲᠥᠯᠥᠭᠡᠯᠡᠭᠴᠢ ᠶᠢ ᠨᠠᠶᠢᠳᠠ 7957 ᠰᠤᠩᠭᠤᠵᠤ᠂ ︽ᠭᠡᠷᠡᠭ ᠶᠠᠪᠤᠳᠠᠯ ᠵᠥᠪᠯᠡᠬᠦ ᠲᠠᠪᠴᠠᠩ ᠢ ᠵᠣᠬᠢᠶᠠᠨ ᠪᠠᠶᠢᠭᠤᠯᠤᠨ ᠠᠰᠢᠭᠯᠠᠵᠤ᠂ ᠣᠯᠠᠨ ᠲᠦᠮᠡᠨ ᠤ ᠬᠦᠴᠢᠷᠳᠡᠯ ᠲᠠᠢ ᠠᠰᠠᠭᠤᠳᠠᠯ ᠪᠠ ᠵᠥᠷᠢᠴᠡᠯ ᠵᠢᠭᠤᠷᠠᠯᠳᠤᠭᠠᠨ ᠢ 2498 ᠬᠤᠪᠢ ᠵᠣᠬᠢᠴᠠᠭᠤᠯᠤᠨ ᠰᠢᠢᠳᠪᠦᠷᠢᠯᠡᠵᠦ᠂ ︽ᠣᠯᠠᠨ ᠲᠦᠮᠡᠨ ᠤ ᠶᠠᠪᠤᠳᠠᠯ ᠢ ᠣᠯᠠᠨ ᠢᠶᠠᠷ ᠢᠶᠠᠨ ᠵᠥᠪᠯᠡᠬᠦ᠂ ᠣᠯᠠᠨ ᠲᠦᠮᠡᠨ ᠤ ᠶᠠᠪᠤᠳᠠᠯ ᠢ ᠣᠯᠠᠨ ᠢᠶᠠᠷ ᠢᠶᠠᠨ ᠲᠣᠭᠲᠠᠭᠠᠬᠤ᠂ ᠣᠯᠠᠨ ᠲᠦᠮᠡᠨ ᠤ ᠶᠠᠪᠤᠳᠠᠯ ᠢ ᠣᠯᠠᠨ ᠢᠶᠠᠷ ᠢᠶᠠᠨ ᠰᠢᠢᠳᠪᠦᠷᠢᠯᠡᠬᠦ︾ ᠶᠢ ᠦᠨᠡᠨ ᠬᠦ ᠪᠡᠶᠡᠯᠡᠭᠦᠯᠪᠡ᠃ ︵ᠬᠣ᠋ ᡁᠢ ᠮᠢᠨ ᠴᠸᠠ ᠫᠢᠡᠭ ᠵᠦᠡᠭ︶    
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号