ᠦᠰᠦᠭ ᠪᠢᠴᠢᠭ  ᠢᠶᠠᠷ ᠦᠬᠦᠯᠡᠬᠦᠢ᠄ ︽ᠬᠢᠩᠭᠠᠨ ᠠᠶᠢᠮᠠᠭ ᠤᠨ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯᠯᠠᠭᠠᠨ ᠤ ᠵᠢᠷᠤᠮᠵᠢᠯ ︵ᠲᠤᠷᠰᠢᠨ ᠬᠡᠷᠡᠭᠵᠢᠭᠦᠯᠬᠦ︶︾
ᠨᠡᠶᠢᠲᠡᠯᠡᠭᠰᠡᠨ ᠴᠠᠭ᠄
2025/3/28
        ᠨᠢᠭᠡ᠂ ᠲᠣᠭᠲᠠᠭᠠᠭᠰᠠᠨ ᠠᠬᠤᠶ ᠪᠠᠶᠢᠳᠠᠯ    2020 ᠣᠨ ᠠᠴᠠ ᠨᠠᠰᠢ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠤᠷᠢᠳ ᠬᠤᠵᠢᠳ ︽ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ ᠣᠶ ᠮᠣᠳᠣᠨ ᠤ ᠡᠷᠬᠡ ᠶᠢᠨ ᠳᠡᠩᠰᠡᠯᠡᠯᠲᠡ ᠬᠢᠭᠡᠳ ᠣᠶ ᠰᠢᠭᠤᠶ ᠶᠢᠨ ᠬᠠᠮᠢᠶᠠᠷᠤᠯᠲᠠ ᠶᠢ ᠵᠣᠯᠭᠠᠯᠳᠤᠭᠤᠯᠬᠤ ᠠᠵᠢᠯ ᠢ ᠰᠠᠶᠢᠲᠤᠷ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ〔 2020〕 31 ᠳ᠋ᠦ᠋ᠭᠡᠷ ᠲᠣᠭᠠᠲᠤ︶ ︽ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ ᠣᠶ ᠮᠣᠳᠣᠨ ᠤ ᠡᠷᠬᠡ ᠶᠢᠨ ᠳᠠᠩᠰᠠᠯᠠᠯ ᠤᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠵᠤ ᠡᠮᠬᠢᠯᠡᠨ ᠨᠡᠶᠢᠯᠡᠭᠦᠯᠬᠦ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠲᠦᠷᠭᠡᠪᠴᠢᠯᠡᠨ ᠠᠬᠢᠭᠤᠯᠬᠤ ᠲᠤᠬᠠᠶ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠠᠯᠪᠠᠨ ᠲᠠᠷᠬᠠᠭᠠᠭᠰᠠᠨ 〔 2023 〕2 ᠳ᠋ᠤᠭᠠᠷ ᠲᠣᠭᠠᠲᠤ︶᠂ ︽ᠣᠶ ᠮᠣᠳᠣᠨ ᠤ ᠡᠷᠬᠡ ᠶᠢ ᠨᠤᠲᠠᠯᠠᠨ ᠳᠡᠩᠰᠡᠯᠡᠯᠲᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠵᠢᠯᠣᠭᠤᠳᠬᠤ ᠰᠠᠨᠠᠯ︾ ︵ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠠᠯᠪᠠᠨ ᠲᠠᠷᠬᠠᠭᠠᠭᠰᠠᠨ 〔 2023〕 52 ᠳ᠋ᠤᠭᠠᠷ ᠲᠣᠭᠠᠲᠤ︶᠂ ︽ᠬᠠᠮᠲᠤ ᠶᠢᠨ ᠣᠶ ᠮᠣᠳᠣᠨ ᠤ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠰᠠᠶᠢᠲᠤᠷ ᠬᠢᠬᠦ ᠲᠤᠬᠠᠶ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠠᠯᠪᠠᠨ ᠲᠠᠷᠬᠠᠭᠠᠭᠰᠠᠨ 〔2024 〕 24  ᠳ᠋ᠦ᠋ᠭᠡᠷ ᠲᠣᠭᠠᠲᠤ︶ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠤᠢ ᠮᠣᠳᠣᠨ ᠤ ᠡᠷᠬᠡ ᠶᠢᠨ ᠲᠦᠷᠦᠯ ᠤᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ ᠬᠠᠮᠲᠤ ᠶᠢᠨ ᠤᠢ ᠮᠣᠳᠣᠨ ᠤ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠶ᠋ᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠲᠣᠳᠣᠷᠬᠠᠶ ᠱᠠᠭᠠᠷᠳᠠᠵᠠᠶ᠃    ᠡᠶᠢᠮᠦ ᠠᠴᠠ᠂ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ ᠲᠤᠰᠢᠶᠠᠯ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠶ᠋ᠴᠡᠳᠬᠡᠵᠦ᠂ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠦᠶ᠋ᠯᠡ ᠠᠵᠢᠯᠯᠠᠭ᠎ᠠ ᠶᠢ ᠵᠢᠷᠤᠮᠵᠢᠭᠤᠯᠤᠨ᠂ ᠳᠠᠩᠰᠠᠯᠠᠬᠤ ᠲᠥᠷᠥᠯ ᠬᠡᠯᠪᠡᠷᠢ ᠶᠢ ᠲᠡᠭᠦᠯᠳᠡᠷᠵᠢᠭᠦᠯᠵᠦ᠂ ᠠᠷᠠᠳ ᠲᠤ ᠲᠥᠬᠦᠮ ᠦᠵᠡᠭᠦᠯᠬᠦ ᠦᠶ᠋ᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠡᠷᠬᠡᠲᠦ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ᠂ ︽ᠬᠢᠩᠭᠠᠨ ᠠᠶᠢᠮᠠᠭ ᠤᠨ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯᠯᠠᠭᠠᠨ ᠤ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠢ ᠲᠣᠭᠲᠠᠭᠠᠪᠠ᠃    ᠬᠤᠶᠠᠷ᠂ ᠦᠨᠳᠦᠰᠦᠯᠡᠯ    ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾︔    ︵ᠬᠤᠶᠠᠷ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾︔    ︵ᠭᠤᠷᠪᠠ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠢ ᠰᠢᠭᠤᠶ ᠶᠢᠨ ᠬᠠᠤᠯᠢ︾︔    ︵ᠲᠦᠷᠪᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾︔    ︵ᠲᠠᠪᠤ︶ ︽ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠲᠦᠷ ᠬᠡᠷᠡᠭᠵᠢᠭᠦᠯᠬᠦ ᠲᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 656 ᠳ᠋ᠤᠭᠠᠷ︶︔    ︵ᠵᠢᠷᠭᠤᠭ᠎ᠠ︶ ︽ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠳᠦᠷᠢᠮ︾ ︵TDT 1095 — 2024︶︔    ︵ᠲᠤᠯᠤᠭ᠎ᠠ︶ ︽ᠭᠠᠵᠠᠷ ᠤᠨ ᠬᠠᠷᠢᠶ᠎ᠠ ᠶᠢᠨ ᠪᠠᠶᠢᠴᠠᠭᠠᠯᠲᠠ ᠶᠢᠨ ᠲᠦᠷᠢᠮ︾ ︵GB/T42547 — 2023︶︔    ︵ᠨᠠᠢᠮᠠ︶ ︽︿ᠤᠢ ᠮᠣᠳᠣᠨ ᠤ ᠡᠷᠬᠡ ᠶᠢᠨ ᠲᠦᠷᠦᠯ ᠤᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠳᠡᠪᠲᠡᠷ ᠤᠨ ᠶᠠᠩᠵᠤ ᠬᠡᠯᠪᠡᠷᠢ﹀ ᠶᠢ ᠵᠠᠰᠠᠵᠤ ᠳᠠᠷᠤᠮᠠᠯᠯᠠᠨ ᠲᠠᠷᠬᠠᠭᠠᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠡᠬᠢ ᠪᠠᠶᠠᠯᠢᠭ ᠲᠠᠷᠬᠠᠭᠠᠭᠰᠠᠨ〔 2024 〕 188 ᠳ᠋ᠤᠭᠠᠷ ᠲᠣᠭᠠᠲᠤ︶︔    ︵ᠶᠢᠰᠦ︶ ︽ᠬᠠᠮᠲᠤ ᠶᠢᠨ ᠤᠢ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠤᠢ ᠮᠣᠳᠣᠨ ᠤ ᠡᠷᠬᠡ ᠶᠢᠨ ᠳᠦᠷᠦᠯ ᠤᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠠᠵᠢᠯ ᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠷ ᠰᠠᠶᠢᠲᠤᠷ ᠬᠢᠬᠦ ᠲᠤᠬᠠᠶ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠠᠯᠪᠠᠨ ᠲᠠᠷᠬᠠᠭᠠᠭᠰᠠᠨ〔 2024 〕24 ᠳ᠋ᠦ᠋ᠭᠡᠷ ᠲᠣᠭᠠᠲᠤ︶︔    ︵ᠠᠷᠪᠠ︶ ︽ᠤᠢ ᠮᠣᠳᠣᠨ ᠤ ᠡᠷᠬᠡ ᠶᠢ ᠨᠤᠲᠠᠯᠠᠨ ᠳᠠᠩᠰᠠᠯᠠᠭᠰᠠᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠢᠯᠭᠠᠷᠠᠭᠤᠯᠤᠨ ᠵᠢᠷᠤᠮᠵᠢᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠤᠯᠤᠰ ᠤᠨ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ ᠤᠨ ᠵᠢᠯᠣᠭᠤᠳᠬᠤ ᠰᠠᠨᠠᠯ︾ ︵ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠠᠯᠪᠠᠨ ᠲᠠᠷᠬᠠᠭᠠᠭᠰᠠᠨ〔 2023 〕 52 ᠳ᠋ᠤᠭᠠᠷ ᠲᠣᠭᠠᠲᠤ︶︔    ︵ᠠᠷᠪᠠᠨ ᠨᠢᠭᠡ︶ ︽ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ ᠣᠶ ᠮᠣᠳᠣᠨ ᠤ ᠡᠷᠬᠡ ᠶᠢᠨ ᠳᠡᠩᠰᠡᠯᠡᠯᠲᠡ ᠶᠢᠨ ᠮᠠᠲ᠋ᠧᠷᠢᠶᠠᠯ ᠢ ᠰᠢᠯᠵᠢᠭᠦᠯᠦᠨ ᠲᠤᠰᠢᠶᠠᠭᠰᠠᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠲᠦᠷᠭᠡᠳᠬᠡᠨ ᠠᠬᠢᠭᠤᠯᠬᠤ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠠᠯᠪᠠᠨ ᠲᠠᠷᠬᠠᠭᠠᠭᠰᠠᠨ〔 2023 〕 2 ᠳ᠋ᠤᠭᠠᠷ ᠲᠣᠭᠠᠲᠤ︶︔    ︵ᠠᠷᠪᠠᠨ ᠬᠤᠶᠠᠷ︶ ︽ᠬᠠᠮᠲᠤ ᠶᠢᠨ ᠣᠶ ᠮᠣᠳᠣᠨ ᠤ ᠭᠠᠵᠠᠷ ᠤᠨ ᠳᠠᠭᠠᠭᠠᠴᠢᠯᠠᠯᠲᠠ ᠶᠢᠨ ᠭᠡᠷ᠎ᠡ ᠪᠠ ᠬᠠᠮᠲᠤ ᠶᠢᠨ ᠣᠶ ᠮᠣᠳᠣᠨ ᠤ ᠡᠷᠬᠡ ᠶᠢᠨ ᠡᠷᠭᠢᠯᠲᠡ ᠶᠢᠨ ᠭᠡᠷ᠎ᠡ ᠶᠢᠨ ᠵᠢᠱᠢᠶ᠎ᠡ ᠦᠵᠡᠭᠦᠯᠬᠦ ᠲᠣᠪᠬᠢᠮᠠᠯ ᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠮᠡᠳᠡᠭᠳᠡᠯ︾ ︵ᠣᠶ ᠰᠢᠭᠤᠶ ᠥᠭᠡᠷᠡᠴᠢᠯᠡᠯᠲᠡ ᠲᠠᠷᠬᠠᠭᠠᠭᠰᠠᠨ〔 2020 〕47 ᠳ᠋ᠤᠭᠠᠷ ᠲᠣᠭᠠᠲᠤ︶︔    ︵ᠠᠷᠪᠠᠨ ᠭᠤᠷᠪᠠ︶ ︽ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠤᠯᠠᠮ ᠨᠢᠭᠡ ᠠᠯᠬᠤᠮ ᠵᠢᠷᠤᠮᠵᠢᠭᠤᠯᠵᠤ ᠣᠶ ᠮᠣᠳᠣᠨ ᠤ ᠡᠷᠬᠡ ᠶᠢᠨ ᠳᠡᠩᠰᠡᠯᠡᠯᠲᠡ ᠬᠢᠭᠡᠳ ᠣᠶ ᠰᠢᠭᠤᠶ ᠶᠢᠨ ᠬᠠᠮᠢᠶᠠᠷᠤᠯᠲᠠ ᠶᠢ ᠵᠣᠯᠭᠠᠭᠤᠯᠬᠤ ᠠᠵᠢᠯ ᠢ ᠰᠠᠶᠢᠲᠤᠷ ᠬᠢᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠪᠠᠶᠢᠭᠠᠯᠢ ᠶᠢᠨ ᠡᠳ᠋ ᠬᠥᠷᠥᠩᠭᠡ ᠠᠯᠪᠠᠨ ᠲᠠᠷᠬᠠᠭᠠᠭᠰᠠᠨ 〔 2020 〕 31  ᠳ᠋ᠦ᠋ᠭᠡᠷ ᠲᠣᠭᠠᠲᠤ︶︔    ︵ᠠᠷᠪᠠᠨ ᠳᠥᠷᠪᠡ︶ ︽ᠲᠥᠪ ᠤᠨ ᠣᠷᠣᠨ ᠲᠤᠭ᠎ᠠ ᠶᠢᠨ ᠠᠯᠪᠠᠨ ᠬᠡᠷ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠡᠭᠦᠷᠭᠡ ᠬᠠᠷᠢᠭᠤᠴᠠᠯᠭ᠎ᠠ ᠶᠢᠨ ᠪᠢᠴᠢᠭ ᠮᠠᠲ᠋ᠧᠷᠢᠶᠠᠯ ᠳᠤ ᠵᠠᠰᠠᠪᠤᠷᠢ ᠣᠷᠣᠭᠤᠯᠵᠤ ᠡᠮᠬᠢᠯᠡᠨ ᠨᠡᠶᠢᠯᠡᠭᠦᠯᠬᠦ ᠲᠤᠬᠠᠶ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠠᠶᠢᠭᠠᠯᠢ ᠶᠢᠨ ᠡᠬᠢ ᠪᠠᠶᠠᠯᠢᠭ ᠤᠨ ᠠᠯᠪᠠᠨ ᠬᠡᠷ ᠤᠨ ᠵᠠᠬᠢᠳᠠᠯ 〔 2019 〕 1720 ᠳ᠋ᠤᠭᠠᠷ ᠲᠣᠭᠠᠲᠤ︶︔    ︵ᠠᠷᠪᠠᠨ ᠲᠠᠪᠤ︶ ᠪᠤᠰᠤᠳ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠵᠢᠴᠢ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠃    ᠭᠤᠷᠪᠠ᠂ ᠬᠡᠷᠡᠭᠯᠡᠬᠦ ᠬᠡᠪᠴᠢᠶ᠎ᠡ    ᠲᠣᠰ ᠠᠵᠢᠯᠯᠠᠭᠠᠨ ᠤ ᠵᠢᠷᠤᠮᠵᠢᠯ ᠢ ᠭᠤᠶᠤᠴᠢᠯᠠᠨ ᠭᠦᠶ᠋ᠴᠡᠳᠬᠡᠭᠰᠡᠨ ᠪᠥᠬᠦ ᠠᠶᠢᠮᠠᠭ ᠤᠨ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢ ᠠᠩᠬ᠎ᠠ ᠤᠳᠠᠭ᠎ᠠ ᠳᠠᠩᠰᠠᠯᠠᠬᠤ᠂ ᠰᠢᠯᠵᠢᠭᠦᠯᠬᠦ ᠳᠡᠩᠰᠡᠯᠡᠯᠲᠡ᠂ ᠬᠤᠪᠢᠷᠠᠭᠤᠯᠬᠤ ᠳᠡᠩᠰᠡᠯᠡᠯᠲᠡ᠂ ᠬᠦᠴᠦᠨ ᠥᠬᠡᠶ ᠪᠣᠯᠭᠠᠬᠤ ᠳᠡᠩᠰᠡᠯᠡᠯᠲᠡ᠂ ᠪᠠᠷᠢᠴᠠᠭᠠᠯᠠᠬᠤ ᠳᠡᠩᠰᠡᠯᠡᠯᠲᠡ᠂ ᠵᠠᠯᠠᠷᠠᠭᠤᠯᠬᠤ ᠳᠡᠩᠰᠡᠯᠡᠯᠲᠡ᠂ ᠣᠨᠳᠣᠤ ᠰᠠᠨᠠᠯ ᠤᠨ ᠳᠡᠩᠰᠡᠯᠡᠯᠲᠡ᠂ ᠪᠠᠶᠢᠴᠠᠭᠠᠨ ᠪᠢᠲᠡᠭᠦᠮᠵᠢᠯᠡᠬᠦ ᠳᠡᠩᠰᠡᠯᠡᠯᠲᠡ᠂ ᠭᠡᠷᠡᠴᠢ ᠨᠥᠬᠦᠪᠥᠷᠢᠯᠡᠬᠦ ᠪᠠ ᠦᠨᠡᠮᠯᠡᠯ ᠰᠣᠯᠢᠬᠤ ᠵᠡᠷᠭᠡ ᠳᠡᠩᠰᠡᠯᠡᠯᠲᠡ ᠶᠢᠨ ᠠᠵᠢᠯ ᠳᠤ ᠬᠡᠷᠡᠭᠯᠡᠨ᠎ᠡ᠃    ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠪᠠᠶᠢᠭᠤᠯᠤᠮᠵᠢ ᠶᠢᠨ ᠡᠷᠬᠡ ᠲᠤᠰᠢᠶᠠᠯ ᠤᠨ ᠶᠣᠰᠣᠭᠠᠷ ᠭᠦᠶ᠋ᠴᠡᠳᠬᠡᠭᠰᠡᠨ ᠪᠠ ᠨᠠᠶᠢᠳᠠᠯᠭ᠎ᠠ ᠶᠢᠨ ᠶᠣᠰᠣᠭᠠᠷ ᠭᠦᠶ᠋ᠴᠡᠳᠬᠡᠭᠰᠡᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠵᠦᠶ᠋ᠯᠡᠰ ᠢ ᠲᠣᠰ ᠵᠢᠷᠤᠮᠵᠢᠯ ᠢᠶᠠᠷ ᠯᠠᠪᠯᠠᠯᠲᠠ ᠪᠣᠯᠭᠠᠵᠤ ᠪᠣᠯᠤᠨ᠎ᠠ᠃    ᠳᠥᠷᠪᠡ᠂ ᠲᠤᠭᠤᠷᠪᠢᠨ ᠪᠢᠴᠢᠭᠰᠡᠨ ᠶᠠᠪᠤᠴᠠ    ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︽ᠬᠢᠩᠭᠠᠨ ᠠᠶᠢᠮᠠᠭ ᠤᠨ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯᠯᠠᠭᠠᠨ ᠤ ᠵᠢᠷᠤᠮᠵᠢᠯ ︾ ᠢ ᠲᠤᠭᠤᠷᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠪᠴᠢᠶ᠎ᠠ ᠶᠢᠨ ᠤᠳᠤᠷᠢᠳᠤᠯᠭ᠎ᠠ ᠪᠦᠬᠦ ᠶᠠᠪᠤᠴᠠ ᠳᠤ ᠣᠷᠣᠯᠴᠠᠨ ᠰᠢᠪᠠᠳᠠᠬᠤ ᠶᠢᠨ ᠬᠠᠮᠲᠤ ᠵᠢᠷᠭᠤᠭᠠᠨ ᠬᠤᠰᠢᠭᠤ ᠰᠢᠶᠠᠨ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠤᠨ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠰᠤᠳᠤᠯᠤᠨ ᠶᠠᠷᠢᠯᠴᠠᠵᠤ᠂ ︽ᠬᠢᠩᠭᠠᠨ ᠠᠶᠢᠮᠠᠭ ᠤᠨ ᠣᠶ ᠰᠢᠭᠤᠶ ᠶᠢᠨ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ ᠲᠡᠮᠳᠡᠭᠯᠡᠬᠦ ᠠᠵᠢᠯᠯᠠᠭᠠᠨ ᠤ ᠵᠢᠷᠤᠮᠵᠢᠯ︾ ︵ᠰᠠᠨᠠᠯ ᠬᠤᠷᠢᠶᠠᠬᠤ ᠨᠣᠤᠷᠠᠭ︶ ᠢ ᠪᠣᠶ ᠪᠣᠯᠭᠠᠭᠰᠠᠨ ᠤ ᠳᠠᠷᠠᠭ᠎ᠠ᠂ 6 ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠢᠴᠢ ᠲᠣᠪᠴᠢᠶ᠎ᠠ ᠶᠢᠨ ᠳᠣᠲᠣᠭᠠᠳᠤ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠪᠠ ᠲᠣᠪᠴᠢᠶ᠎ᠠ ᠳᠤ ᠬᠠᠷᠢᠶᠠᠯᠠᠭᠳᠠᠬᠤ ᠠᠵᠢᠯ  ᠦᠢᠯᠡᠰ ᠤᠨ  ᠨᠢᠭᠡᠴᠢ ᠶᠢᠨ ᠰᠠᠨᠠᠯ ᠢ ᠬᠤᠷᠢᠶᠠᠪᠠ᠃ 2024 ᠣᠨ ᠤ 12 ᠰᠠᠷ᠎ᠠ ᠶᠢᠨ 31 ᠤ ᠡᠳᠦᠷ᠂ ︽ᠬᠢᠩᠭᠠᠨ ᠠᠶᠢᠮᠠᠭ ᠤᠨ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯᠯᠠᠭᠠᠨ ᠤ ᠵᠢᠷᠤᠮᠵᠢᠯ︾  ᠶᠢ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠪᠠᠳᠤᠯᠠᠪᠠ  ᠃    ᠲᠠᠪᠤ᠂ ᠭᠤᠣᠯᠳᠠᠯᠭ᠎ᠠ ᠲᠠᠢ ᠠᠭᠤᠯᠭ᠎ᠠ    ︽ᠬᠢᠩᠭᠠᠨ ᠠᠶᠢᠮᠠᠭ ᠤᠨ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯᠯᠠᠭᠠᠨ ᠤ ᠵᠢᠷᠤᠮᠵᠢᠯ︾ ᠳᠤ ᠮᠠᠨ ᠤ ᠠᠶᠢᠮᠠᠭ ᠤᠨ ᠣᠶ ᠮᠣᠳᠣᠨ ᠤ ᠡᠷᠬᠡ ᠶᠢᠨ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯᠯᠠᠭᠠᠨ ᠤ ᠠᠭᠤᠯᠭ᠎ᠠ ᠵᠢᠴᠢ ᠱᠠᠭᠠᠷᠳᠠᠯᠭ᠎ᠠ ᠶᠢ ᠲᠣᠳᠣᠷᠬᠠᠶ ᠭᠠᠵᠠᠷ ᠰᠢᠷᠣᠶ ᠶᠢᠨ ᠬᠠᠷᠢᠶ᠎ᠠ ᠶᠢ ᠪᠠᠶᠢᠴᠠᠭᠠᠬᠤ᠂ ᠡᠷᠬᠡ ᠶᠢᠨ ᠬᠠᠷᠢᠶᠠᠯᠠᠯ ᠢ ᠲᠣᠭᠲᠠᠭᠠᠬᠤ᠂ ᠳᠠᠩᠰᠠᠯᠠᠬᠤ ᠵᠡᠷᠭᠡ ᠠᠵᠢᠯ ᠤᠨ ᠠᠭᠤᠯᠭ᠎ᠠ ᠶᠢ ᠪᠠᠭᠲᠠᠭᠠᠵᠤ᠂ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠪᠠᠷᠢᠴᠠᠭᠠᠯᠠᠬᠤ ᠲᠠᠩᠰᠠᠯᠠᠯᠳᠠ᠂ ᠵᠠᠯᠠᠷᠠᠭᠤᠯᠬᠤ ᠲᠠᠩᠰᠠᠯᠠᠯᠳᠠ᠂ ᠣᠨᠳᠣᠣ ᠰᠠᠨᠠᠯ ᠤᠨ ᠲᠠᠩᠰᠠᠯᠠᠯᠳᠠ ᠂ ᠪᠠᠶᠢᠴᠠᠭᠠᠨ ᠪᠢᠲᠡᠭᠦᠮᠵᠢᠯᠡᠬᠦ ᠲᠠᠩᠰᠠᠯᠠᠯᠳᠠ᠂ ᠭᠡᠷᠡᠴᠢ ᠨᠥᠬᠦᠪᠥᠷᠢᠯᠡᠬᠦ ᠪᠠ ᠦᠨᠡᠮᠯᠡᠯ ᠰᠣᠯᠢᠬᠤ ᠵᠦᠢᠯᠡᠰ ᠤᠨ ᠬᠡᠷᠡᠭᠯᠡᠬᠦ ᠬᠡᠪᠴᠢᠶ᠎ᠡ᠂ ᠭᠤᠶᠤᠴᠢᠯᠠᠬᠤ ᠪᠡᠶᠡᠴᠢ ᠴᠣᠭᠴᠠ᠂ ᠭᠤᠶᠤᠴᠢᠯᠠᠬᠤ ᠮᠠᠲ᠋ᠧᠷᠢᠶᠠᠯ ᠤᠨ ᠲᠣᠳᠣᠷᠬᠠᠶ ᠬᠠᠭᠤᠳᠠᠰᠤ ᠵᠢᠴᠢ ᠬᠢᠨᠠᠨ ᠬᠠᠷᠭᠤᠭᠤᠯᠬᠤ ᠭᠤᠣᠯᠳᠠᠯᠭ᠎ᠠ ᠶᠢ ᠭᠤᠣᠯᠳᠠᠯᠭ᠎ᠠ ᠲᠠᠢ ᠪᠠᠷ ᠲᠣᠳᠣᠷᠬᠠᠶᠢᠯᠠᠪᠠ᠃ 
 
ᠢᠷᠡᠯᠲᠡ᠄ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号