ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 1 ᠤ ᠴᠠᠭᠢᠯᠭᠠᠨ ᠮᠡᠳᠡᠭᠡ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 2 ᠰᠠᠷ᠎ᠠ ᠶᠢᠨ 28 ᠤ | ᠦᠳᠡ ᠶᠢᠨ ᠡᠮᠦᠨ᠎ᠡ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠲᠤᠬᠠᠢ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠣᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠭᠢᠯᠡᠭᠦ ᠳᠡᠭᠡᠨ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ | ᠪᠠᠶᠢᠭᠤᠯᠬᠤ ᠨᠢ ᠠᠵᠢᠯ ᠦᠢᠯᠡᠰ ᠤᠨ ᠬᠥᠭᠵᠢᠯ ᠪᠠᠳᠠᠷᠠᠯ ᠲᠠᠢ ᠬᠤᠯᠪᠣᠭᠳᠠᠵᠤ᠂ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠲᠠᠢ ᠬᠤᠯᠪᠣᠭᠳᠠᠵᠤ᠂ ᠤᠯᠤᠰ ᠣᠷᠣᠨ ᠤ ᠥᠨᠢ ᠤᠳᠠᠭᠠᠨ ᠠᠮᠤᠷ ᠲᠣᠭᠲᠠᠭᠤᠨ ᠲᠠᠢ ᠬᠤᠯᠪᠣᠭᠳᠠᠵᠤ | ᠪᠠᠶᠢᠭ᠎ᠠ ᠶᠤᠮ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠤᠯᠤᠰ ᠨᠡᠩ ᠠᠮᠤᠷ ᠲᠦᠪᠰᠢᠨ᠂ ᠨᠡᠶᠢᠭᠡᠮ ᠨᠡᠩ ᠡᠮᠬᠢ ᠳᠢᠭᠯᠢᠮ ᠲᠠᠢ᠂ ᠵᠠᠰᠠᠯᠲᠠ ᠨᠡᠩ | ᠪᠦᠲᠦᠮᠵᠢᠲᠡᠢ᠂ ᠠᠷᠠᠳ ᠲᠦᠮᠡᠨ ᠨᠡᠩ ᠬᠠᠨᠤᠮᠵᠢᠲᠠᠢ ᠪᠠᠶᠢᠬᠤ ᠳᠡᠭᠡᠷ᠎ᠡ ᠦᠷᠭᠦᠯᠵᠢᠯᠡᠨ ᠬᠦᠴᠦᠯᠡᠵᠦ᠂ ᠠᠮᠤᠭᠤᠯᠠᠩᠲᠤ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠨᠡᠩ ᠥᠨᠳᠥᠷ ᠲᠦᠪᠰᠢᠨ ᠲᠡᠶᠢᠰᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠪᠠᠷᠠᠭᠤᠨ ᠡᠮᠦᠨᠡᠲᠦ ᠶᠢᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ | ᠫᠷᠤᠹᠧᠰᠰᠤᠷ ᠯᠢ ᠶᠠᠨ ᠨᠥᠬᠦᠷ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ | ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ | ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠭ᠎ᠠ ᠥᠷᠨᠢᠭᠦᠯᠪᠡ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠤᠯᠤᠰ ᠤᠨ ᠠᠮᠤᠷ | ᠲᠦᠪᠰᠢᠨ ᠤ ᠤᠳᠤᠷᠢᠳᠬᠤ ᠪᠠᠶᠢᠭᠤᠯᠤᠮᠵᠢ ᠪᠣᠯᠣᠨ ᠬᠠᠤᠯᠢ ᠪᠠᠷ ᠵᠠᠰᠠᠬᠤ ᠰᠢᠰᠲ᠋ᠧᠮ᠂ ᠪᠠᠶᠢᠯᠳᠤᠬᠤ ᠪᠣᠳᠣᠯᠭ᠎ᠠ ᠶᠢᠨ | ᠰᠢᠰᠲ᠋ᠧᠮ᠂ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ | ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ | ᠰᠡᠷᠭᠡᠶᠢᠯᠡᠯᠲᠡ ᠡᠵᠡᠮᠳᠡᠯ ᠢ ᠴᠢᠩᠭᠠᠳᠬᠠᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢᠨ ᠲᠦᠪᠰᠢᠨ ᠢ | ᠬᠦᠴᠦᠯᠡᠨ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ | ᠲᠤᠰᠠ ᠶᠢ ᠡᠷᠡᠰ ᠬᠠᠮᠠᠭᠠᠯᠠᠵᠤ᠂ ᠠᠵᠤ ᠠᠬᠤᠢ ᠶᠢᠨ ᠲᠦᠷᠭᠡᠨ ᠬᠥᠭᠵᠢᠯᠲᠡ ᠪᠣᠯᠣᠨ ᠨᠡᠶᠢᠭᠡᠮ ᠤᠨ ᠤᠷᠳᠤ | ᠬᠤᠭᠤᠴᠠᠭ᠎ᠠ ᠪᠠᠷ ᠲᠣᠭᠲᠠᠭᠤᠨ ᠪᠠᠶᠢᠬᠤ ︽ᠬᠤᠶᠠᠷ ᠶᠡᠭᠡ ᠭᠠᠶᠢᠬᠠᠮᠰᠢᠭ︾ ᠤᠨ ᠰᠢᠨ᠎ᠡ ᠬᠠᠭᠤᠳᠠᠰᠤ ᠶᠢ | ᠠᠮᠵᠢᠯᠲᠠᠲᠠᠢ ᠦᠷᠭᠦᠯᠵᠢᠯᠡᠨ ᠪᠢᠴᠢᠭᠯᠡᠵᠡᠢ᠃ ᠪᠠᠶᠢᠳᠠᠯ ᠡᠭᠦᠷᠭᠡ ᠶᠢᠨ ᠬᠥᠭᠵᠢᠯᠲᠡ ᠬᠤᠪᠢᠷᠠᠯᠲᠠ ᠳᠤ ᠵᠣᠬᠢᠴᠠᠭᠤᠯᠤᠨ᠂ | ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠬᠤ ᠠᠴᠠ ᠪᠢᠰᠢ ᠰᠤᠯᠠᠷᠠᠭᠤᠯᠵᠤ | ᠪᠤᠯᠬᠤ ᠦᠭᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠪᠣᠯ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠶᠢᠨ | ᠴᠢᠬᠤᠯᠠ ᠵᠢᠷᠤᠮᠯᠠᠯ ᠮᠥᠨ᠂ ᠡᠷᠬᠡᠪᠰᠢ ᠡᠷᠡᠰ ᠭᠤᠶᠢᠪᠢᠰᠢ ᠦᠭᠡᠢ ᠲᠤᠭᠤᠰᠢᠯᠠᠭᠤᠯᠬᠤ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠨ᠂ ᠬᠥᠭᠵᠢᠯᠲᠡ ᠪᠣᠯ ᠬᠠᠲᠠᠭᠤ | ᠶᠣᠰᠣ ᠮᠥᠨ᠂ ᠠᠮᠤᠷ ᠲᠦᠪᠰᠢᠨ ᠪᠠᠰᠠ ᠬᠠᠲᠠᠭᠤ ᠶᠣᠰᠣ ᠮᠥᠨ ᠭᠡᠬᠦ ᠣᠶᠢᠯᠠᠭᠠᠭᠳᠠᠬᠤᠨ ᠢ ᠤᠯᠠᠮ ᠨᠢᠭᠡ ᠠᠯᠬᠤᠮ | ᠪᠤᠢ ᠪᠤᠯᠭᠠᠵᠤ᠂ ᠠᠵᠢᠯ ᠤᠨ ᠳᠤᠮᠳᠠ ᠪᠠᠨ ᠬᠥᠭᠵᠢᠯᠲᠡ ᠪᠠ ᠠᠮᠤᠷ ᠲᠦᠪᠰᠢᠨ ᠢ ᠤᠬᠠᠮᠰᠠᠷ ᠠᠴᠠ ᠪᠠᠨ ᠨᠢᠭᠡᠳᠬᠡᠨ᠂ | ᠬᠠᠮᠲᠤ ᠪᠠᠷ ᠲᠥᠯᠥᠪᠯᠡᠵᠦ᠂ ᠨᠢᠭᠡ ᠴᠣᠭᠴᠠᠵᠢᠭᠤᠯᠤᠨ ᠪᠠᠶᠢᠷᠢᠯᠠᠭᠤᠯᠵᠤ᠂ ᠬᠠᠷᠢᠯᠴᠠᠨ ᠠᠬᠢᠭᠤᠯᠬᠤ ᠬᠡᠷᠡᠭᠲᠡᠢ᠃ | ᠤᠯᠤᠰ ᠳᠠᠶᠠᠭᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠬᠤ ᠶᠢ ᠪᠠᠷᠢᠮᠲᠠᠯᠠᠵᠤ᠂ ᠳᠡᠭᠡᠳᠦ ᠳᠣᠣᠷᠠᠳᠤ | ᠱᠠᠲᠤ ᠪᠠᠷ ᠢᠶᠠᠨ ᠵᠡᠷᠭᠡ ᠪᠠᠷ ᠬᠦᠴᠦᠯᠡᠵᠦ᠂ ᠨᠢᠭᠡ ᠭᠠᠵᠠᠷ ᠣᠷᠣᠨ ᠨᠢᠭᠡ ᠣᠷᠣᠨ ᠪᠦᠰᠡ ᠨᠢᠭᠡ ᠠᠵᠤ ᠦᠢᠯᠡᠰ ᠤᠨ | ᠠᠮᠤᠷ ᠲᠦᠪᠰᠢᠨ ᠢ ᠰᠠᠶᠢᠲᠤᠷ ᠠᠳᠬᠤᠬᠤ ᠪᠠᠷ ᠳᠠᠮᠵᠢᠨ ᠤᠯᠤᠰ ᠤᠨ ᠪᠦᠬᠦᠯᠢ ᠴᠣᠭᠴᠠ ᠶᠢᠨ ᠠᠮᠤᠷ ᠲᠦᠪᠰᠢᠨ ᠳᠤ | ᠨᠥᠬᠦᠴᠡᠯ ᠡᠭᠦᠳᠦᠨ ᠥᠭᠴᠦ᠂ ᠠᠮᠤᠷ ᠲᠦᠪᠰᠢᠨ ᠤ ᠠᠰᠠᠭᠤᠳᠠᠯ ᠢ ᠴᠠᠭ ᠲᠤᠬᠠᠢ ᠳᠤᠨᠢ ᠪᠦᠲᠦᠮᠵᠢᠲᠡᠢ | ᠰᠢᠢᠳᠪᠦᠷᠢᠯᠡᠬᠦ ᠪᠠᠷ ᠳᠠᠮᠵᠢᠨ ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠪᠠᠲᠤ ᠰᠠᠭᠤᠷᠢ ᠲᠠᠯᠪᠢᠵᠤ | ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠨᠢ ᠠᠷᠠᠳ ᠲᠦᠮᠡᠨ ᠤ | ᠲᠥᠯᠥᠭᠡ ᠪᠥᠭᠡᠳ ᠪᠠᠰᠠ ᠠᠷᠠᠳ ᠲᠦᠮᠡᠨ ᠳᠤ ᠲᠦᠰᠢᠭᠯᠡᠨ᠎ᠡ᠃ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ | ᠲᠠᠰᠤᠷᠠᠯᠲᠠ ᠦᠭᠡᠢ ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ | ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠨᠡᠶᠢᠭᠡᠮ ᠤᠨ ᠲᠥᠪ ᠭᠤᠤᠯᠴᠢ ᠰᠢᠳᠤᠷᠭᠤ | ᠶᠣᠰᠣ ᠶᠢ ᠬᠠᠮᠠᠭᠠᠯᠠᠬᠤ ᠬᠡᠷᠡᠭᠲᠡᠢ᠃ ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ | ᠠᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠂ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ | ᠪᠦᠭᠦᠨ ᠬᠠᠷᠢᠭᠤᠴᠠᠯᠭ᠎ᠠ ᠪᠠᠨ ᠭᠦᠢᠴᠡᠳᠬᠡᠬᠦ᠂ ᠬᠥᠮᠥᠨ ᠪᠦᠭᠦᠨ ᠡᠳ᠋ᠯᠡᠬᠦ ᠨᠡᠶᠢᠭᠡᠮ ᠤᠨ ᠵᠠᠰᠠᠯᠲᠠ ᠶᠢᠨ ᠬᠠᠮᠲᠤ ᠶᠢᠨ | ᠴᠣᠭᠴᠠ ᠶᠢ ᠪᠠᠶᠢᠭᠤᠯᠬᠤ ᠬᠡᠷᠡᠭᠲᠡᠢ᠃ ᠥᠪᠡᠷ ᠢ ᠪᠠᠨ ᠭᠦᠨᠳᠦᠳᠭᠡᠵᠦ ᠥᠪᠡᠷ ᠢ ᠪᠠᠨ ᠢᠲᠡᠭᠡᠬᠦ᠂ ᠣᠶᠤᠨᠴᠢ | ᠡᠶᠡᠯᠳᠡᠭ᠂ ᠢᠳᠡᠪᠬᠢᠲᠡᠢ ᠥᠭᠡᠳᠡᠷᠡᠭ ᠨᠡᠶᠢᠭᠡᠮ ᠤᠨ ᠰᠡᠳᠬᠢᠴᠡ ᠶᠢ ᠬᠥᠮᠥᠵᠢᠭᠦᠯᠵᠦ᠂ ᠵᠣᠷᠢᠭᠲᠠᠢ ᠪᠠᠷ ᠤᠷᠤᠭᠰᠢᠯᠠᠨ | ᠳᠠᠪᠰᠢᠬᠤ᠂ ᠳᠤᠷᠠᠲᠠᠶ᠎ᠠ ᠬᠤᠪᠢ ᠨᠡᠮᠡᠷᠢ ᠦᠵᠡᠭᠦᠯᠭᠦ᠂ ᠬᠠᠤᠯᠢ ᠪᠠᠷ ᠵᠠᠰᠠᠬᠤ ᠶᠢ ᠡᠷᠭᠢᠮᠯᠡᠭᠦ᠂ ᠪᠣᠯᠪᠠᠰᠤᠨ ᠢᠶᠠᠷ ᠨᠠᠶᠢᠷ | ᠲᠠᠯᠪᠢᠬᠤ ᠴᠠᠭ ᠦᠶ᠎ᠡ ᠶᠢᠨ ᠰᠢᠨ᠎ᠡ ᠰᠤᠷᠲᠠᠯ ᠢ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ | ᠫᠢᠩ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠯ ᠠᠮᠤᠭᠤᠯᠠᠩᠲᠤ ᠳᠤᠮᠳᠠᠳᠤ | ᠤᠯᠤᠰ ᠤᠨ ᠪᠠᠶᠢᠭᠤᠯᠤᠯᠲᠠ ᠶᠢᠨ ᠴᠢᠬᠤᠯᠠ ᠡᠭᠦᠷᠭᠡ ᠪᠣᠯᠣᠨ᠎ᠠ᠃ ᠤᠯᠤᠰ ᠤᠨ ᠤᠯᠤᠰ ᠲᠦᠷᠦ ᠶᠢᠨ ᠠᠮᠤᠷ | ᠲᠦᠪᠰᠢᠨ ᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠤᠨ ᠡᠷᠬᠡ ᠮᠡᠳᠡᠯ ᠤᠨ ᠠᠮᠤᠷ ᠲᠦᠪᠰᠢᠨ᠂ | ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠭᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ | ᠬᠡᠷᠡᠭᠲᠡᠢ᠃ ᠤᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ | ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠠᠶᠤᠯᠭᠦᠢ ᠦᠢᠯᠡᠳᠪᠦᠷᠢᠯᠡᠯ᠂ | ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠰᠦᠯᠵᠢᠶᠡᠨ ᠤ ᠠᠮᠤᠷ ᠲᠦᠪᠰᠢᠨ᠂ ᠵᠣᠬᠢᠶᠠᠮᠠᠯ ᠤᠶᠤᠨ | ᠴᠢᠳᠠᠪᠤᠷᠢ ᠶᠢᠨ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠢ ᠴᠢᠩᠭᠠᠳᠬᠠᠬᠤ ᠬᠡᠷᠡᠭᠲᠡᠢ᠃ ᠭᠤᠣᠯᠳᠠᠯᠭ᠎ᠠ ᠲᠠᠢ | ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠢ ᠪᠠᠶᠢᠭᠤᠯᠬᠤ ᠳᠤ | ᠡᠷᠬᠡᠪᠰᠢ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ | ᠬᠡᠷᠡᠭᠲᠡᠢ᠃ ᠲᠤᠰᠬᠠᠢ ᠵᠠᠰᠠᠬᠤ ᠪᠠ ᠰᠢᠰᠲ᠋ᠧᠮ ᠲᠠᠢ ᠵᠠᠰᠠᠬᠤ᠂ ᠬᠠᠤᠯᠢ ᠶᠣᠰᠣᠭᠠᠷ ᠵᠠᠰᠠᠬᠤ᠂ ᠶᠡᠷᠦᠩᠬᠡᠶᠢᠯᠡᠨ ᠵᠠᠰᠠᠬᠤ | ᠂ ᠡᠬᠢ ᠡᠭᠦᠰᠦᠯ ᠠᠴᠠ ᠨᠢ ᠵᠠᠰᠠᠬᠤ ᠶᠢ ᠤᠶᠠᠯᠳᠤᠭᠤᠯᠵᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ | ᠵᠠᠰᠠᠬᠤ ᠬᠦᠴᠦᠨ ᠢ ᠬᠥᠭᠵᠢᠭᠦᠯᠦᠨ ᠪᠤᠵᠠᠭᠠᠶᠢᠷᠠᠭᠤᠯᠵᠤ᠂ ᠵᠢᠩᠬᠢᠨᠢ ᠪᠣᠯᠣᠳ ᠬᠡᠷᠡᠮ ᠲᠡᠮᠦᠷ ᠬᠠᠨ᠎ᠠ ᠶᠢ ᠴᠣᠭᠴᠠᠯᠠᠬᠤ | ᠬᠡᠷᠡᠭᠲᠡᠢ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠵᠤ᠂ ᠡᠯ᠎ᠡ ᠵᠦᠢᠯ ᠤᠨ ᠵᠥᠷᠢᠴᠡᠯ | ᠵᠠᠭᠤᠷᠠᠯᠳᠤᠭᠠᠨ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠤᠳᠤᠷᠢᠳᠤᠯᠭ᠎ᠠ ᠪᠣᠯ ᠠᠮᠤᠭᠤᠯᠠᠩᠲᠤ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠮᠥᠨ᠃ ᠤᠯᠤᠰ ᠤᠨ ᠠᠮᠤᠷ ᠲᠦᠪᠰᠢᠨ ᠤ ᠠᠵᠢᠯ᠂ ᠤᠯᠤᠰ ᠲᠦᠷᠦ | ᠬᠠᠤᠯᠢ ᠴᠠᠭᠠᠵᠠ ᠶᠢᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ | ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠮᠤᠭᠤᠯᠠᠩᠲᠤ ᠪᠠᠶᠢᠭᠤᠯᠤᠯᠲᠠ ᠳᠤᠮᠳᠠᠬᠢ ᠪᠦᠭᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠢ᠃ ᠵᠥᠪ ᠲᠠᠯ᠎ᠠ ᠶᠢᠨ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢ ᠴᠢᠩᠭᠠᠳᠬᠠᠵᠤ᠂ ᠤᠳᠤ | ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠨᠡᠶᠢᠭᠡᠮ ᠤᠨ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠬᠤ ᠬᠡᠷᠡᠭᠲᠡᠢ᠃ ᠦᠨᠡᠨᠴᠢ ᠰᠢᠳᠤᠷᠭᠤ ᠠᠷᠢᠭᠤᠨ ᠴᠢᠬᠡᠴᠢ | ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ | ᠳᠠᠪᠲᠠᠨ ᠪᠤᠯᠪᠠᠰᠤᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠢᠷᠡᠯᠲᠡ᠄ | |