ᠤᠯᠠᠭᠠᠨᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2025 ᠣᠨ ᠤ ᠨᠢᠭᠡᠳᠦᠭᠡᠷ ᠤᠯᠠᠷᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/6
     3 ᠰᠠᠷ᠎ᠠ ᠶᠢᠨ 3 ᠤ ᠡᠳᠦᠷ᠂ ᠤᠯᠠᠭᠠᠨᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ 2025 ᠣᠨ ᠤ ᠨᠢᠭᠡᠳᠦᠭᠡᠷ ᠤᠯᠠᠷᠢᠯ ᠤᠨ ᠬᠤᠷᠠᠯ ᠬᠤᠷᠠᠯᠳᠤᠭᠤᠯᠵᠤ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠮᠠ ᠮᠧᠩ ᠬᠤᠷᠠᠯ ᠡᠷᠭᠢᠯᠡᠵᠦ᠂ ᠤᠯᠠᠭᠠᠨᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠭᠡᠰᠢᠭᠦᠨ ᠨᠢᠭᠡᠴᠢ᠂ ᠡᠯ᠎ᠡ ᠪᠠᠯᠭᠠᠰᠤ ᠵᠡᠭᠡᠯᠢ ︵ᠬᠦᠷᠢᠶᠡᠯᠡᠩ ᠲᠣᠭᠤᠷᠢᠭ︶ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ᠂ ᠡᠨᠡ ᠵᠢᠯ ᠪᠣᠯ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠪᠣᠯᠤᠨ᠎ᠠ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠡᠯ᠎ᠡ ᠱᠠᠲᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠠᠰᠤᠷᠠᠯᠳᠠ ᠦᠭᠡᠢ ᠪᠣᠳᠠᠲᠠᠶᠢᠵᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠪᠠᠶᠢᠳᠠᠯ ᠢ ᠴᠢᠩᠭ᠎ᠠ ᠠᠩᠬᠠᠷᠴᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠲᠦᠷᠦᠯ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠪᠣᠯᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ᠂ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠲᠤ ᠭᠠᠯ ᠨᠣᠴᠣᠭᠠᠬᠤ ᠵᠡᠷᠭᠡ ︽ᠨᠢᠭᠡ ᠶᠠᠪᠤᠳᠠᠯ︾ ᠢ ᠪᠦᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠪᠣᠯᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠥᠪᠡᠷ ᠢ ᠪᠠᠨ ᠬᠢᠨᠠᠨ ᠬᠠᠮᠢᠶᠠᠷᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭ᠎ᠠ ᠵᠢᠷᠤᠮᠵᠢᠭᠤᠯᠵᠤ᠂ ᠳᠤᠷ᠎ᠠ ᠪᠠᠷ ᠢᠶᠠᠨ ᠪᠠᠶᠢᠴᠠᠭᠠᠬᠤ ᠶᠢ ᠡᠷᠡᠰ ᠬᠤᠷᠢᠭᠯᠠᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠪᠠᠷᠢᠮᠲᠠᠯᠠᠵᠤ᠂ ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠬᠦᠷᠢᠶᠡᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠡ᠊ᠡᠳᠡᠯ ᠭᠠᠷᠬᠤ ᠦᠶ᠎ᠡ ᠳᠤ ᠲᠦᠷᠭᠡᠨ ᠪᠥᠭᠡᠳ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠬᠥᠮᠦᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠤᠨ ᠬᠢᠨᠠᠯᠲᠠ ᠶᠢ ᠴᠢᠩᠭᠠᠳᠬᠠᠵᠤ᠂ ᠪᠦᠬᠦ ᠠᠷᠠᠳ ᠤᠨ ᠠᠶᠤᠯᠭᠦᠢ ᠦᠢᠯᠡᠳᠪᠦᠷᠢᠯᠡᠯ ᠵᠢᠴᠢ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠤᠬᠠᠮᠰᠠᠷ ᠢ ᠴᠢᠩᠭᠠᠳᠬᠠᠵᠤ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ︽ᠤᠯᠠᠭᠠᠨᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ 2025 ᠣᠨ ᠤ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠪᠠᠶᠢᠴᠠᠭᠠᠯᠲᠠ ᠶᠢᠨ ᠲᠥᠯᠥᠪᠯᠡᠭᠡ︾ ᠶᠢ ᠬᠢᠨᠠᠨ ᠵᠥᠪᠯᠡᠵᠦ ᠪᠠᠲᠤᠯᠠᠪᠠ᠃ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃     
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号