2 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠢ ᠵᠢᠢ ᠱᠦᠨ ᠤᠯᠠᠭᠠᠨᠬᠤᠳᠠ ᠶᠢᠨ ᠠᠶᠤᠯᠬᠦᠢ ᠦᠢᠯᠡᠳᠪᠦᠷᠢᠯᠡᠯ ᠤᠨ ᠠᠵᠢᠯ ᠪᠤᠯᠤᠨ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ ᠤᠨ ᠲᠤᠬᠠᠢ ᠰᠢᠨᠵᠢᠯᠡᠨ ᠪᠠᠶᠢᠴᠠᠭᠠᠯᠳᠠ ᠬᠢᠪᠡ᠃ | ᠤᠯᠠᠭᠠᠨᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠳᠤ᠂ ᠢᠦᠶ ᠵᠢᠶ ᠱᠦᠨ ᠭᠠᠯ ᠰᠠᠷᠬᠡᠶᠢᠯᠠᠵᠥ | ᠤᠨᠲᠠᠷᠠᠭᠠᠬᠤ ᠶᠢ ᠡᠵᠡᠮᠰᠢᠬᠦ ᠲᠠᠰᠤᠭ ᠲᠤ ᠣᠷᠣᠵᠤ᠂ ᠡᠮᠨᠡᠯᠭᠡ ᠶᠢᠨ ᠬᠤᠷᠢᠶᠠᠨ ᠤ ᠠᠶᠤᠯᠬᠦᠢ ᠦᠢᠯᠡᠳᠪᠦᠷᠢᠯᠡᠯ ᠤᠨ | ᠬᠠᠮᠢᠶᠠᠷᠤᠯᠲᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠳᠠᠯᠳᠠ ᠭᠡᠮ ᠢ | ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠵᠡᠷᠭᠡ ᠪᠠᠶᠢᠳᠠᠯ ᠢ ᠱᠠᠯᠠᠪᠳᠠᠭᠤᠯᠤᠨ ᠵᠢᠯᠤᠭᠤᠳᠴᠦ ᠪᠠᠶᠢᠴᠠᠭᠠᠯᠳᠠ ᠬᠢᠵᠦ᠂ | ᠡᠮ ᠡᠮᠨᠡᠯᠭᠡ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠴᠢᠨᠠᠭᠰᠢᠳᠠ ᠵᠢᠷᠤᠮᠵᠢᠭᠤᠯᠵᠦ᠂ ᠦᠪᠡᠷᠳᠡᠭᠡᠨ ᠵᠠᠰᠠᠬᠤ | ᠤᠷᠤᠨ ᠤ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠦ ᠲᠤᠭᠤᠷᠢᠨ ᠪᠠᠶᠢᠴᠠᠭᠠᠯᠳᠠ ᠬᠢᠬᠦ ᠦᠶ᠎ᠡ ᠳᠤ | ᠢᠯᠡᠷᠡᠬᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠴᠢᠩᠭᠠᠳᠬᠠᠵᠦ᠂ ᠭᠡᠮ | ᠰᠣᠭᠤᠭ ᠢ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠤᠯᠠᠨ ᠨᠡᠶᠢᠲᠡ ᠶᠢᠨ ᠠᠮᠤᠷ ᠲᠦᠪᠰᠢᠨ ᠤ | ᠤᠬᠠᠮᠰᠠᠷ ᠪᠣᠯᠤᠨ ᠲᠤᠬᠠᠶᠢᠯᠠᠭᠰᠠᠨ ᠠᠵᠢᠯ ᠬᠢᠭᠰᠡᠳ ᠤᠨ ᠠᠮᠤᠷ ᠲᠦᠪᠰᠢᠨ ᠤ ᠬᠠᠷᠢᠭᠤᠴᠠᠯᠭ᠎ᠠ᠂ ᠠᠮᠤᠷ | ᠲᠦᠪᠰᠢᠨ ᠤ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠶᠡᠬᠡᠪᠡᠷ ᠠᠬᠢᠭᠤᠯᠵᠤ᠂ ᠬᠦᠨᠳᠦ ᠶᠡᠭᠡ ᠦᠢᠯᠡᠳᠪᠦᠷᠢᠯᠡᠯ ᠤᠨ | ᠠᠮᠤᠷ ᠲᠦᠪᠰᠢᠨ ᠤ ᠡ᠊ᠨᠳᠡᠯ ᠭᠠᠷᠬᠤ ᠶᠢ ᠪᠦᠳᠦᠮᠵᠢᠳᠡᠢ ᠰᠡᠷᠭᠡᠶᠢᠯᠡᠵᠦ᠂ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ ᠢᠦᠢ ᠵᠢᠢ ᠱᠦᠨ ᠪᠠᠰᠠ ᠬᠤᠸᠠ | ᠷᠦᠨ ᠰᠢᠤᠸᠠᠢ ᠬᠤᠸᠠ ᠫᠢᠸᠤ᠋ ︵ᠬᠢᠩᠭᠠᠨ︶ ᠶᠢᠨ ᠬᠢᠵᠠᠭᠠᠷᠲᠤ ᠺᠣᠮᠫᠠᠨᠢ᠂ ᠳ᠋ᠢᠩ ᠳ᠋ᠠ ᠮᠠᠯ ᠠᠵᠤ ᠠᠬᠤᠢ ᠶᠢᠨ | ᠬᠢᠵᠠᠭᠠᠷᠲᠤ ᠺᠣᠮᠫᠠᠨᠢ᠂ ᠵᠢᠶᠠ ᠶᠣᠣ ᠭᠠᠷ ᠳᠠᠮᠵᠢᠭᠰᠠᠨ ᠮᠠᠰᠢᠨ ᠲᠡᠷᠭᠡᠨ ᠤ ᠵᠠᠬ᠎ᠠ ᠳᠡᠯᠭᠡᠭᠦᠷ᠂ ᠱᠠᠩᠬᠠᠢ ᠶᠢᠨ ᠬᠤᠩ | ᠰᠢᠩ ᠮᠧᠢ ᠺᠠᠢ ᠯᠦᠩ ᠲᠦᠷᠦᠯ ᠲᠡᠮᠳᠡᠭ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠤᠯᠠᠭᠠᠨᠬᠤᠲᠠ ᠳᠠᠬᠢ | ᠬᠤᠪᠢᠶᠠᠷᠢ ᠺᠣᠮᠫᠠᠨᠢ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠦᠰᠡᠯ | ᠱᠠᠭᠠᠷᠳᠠᠯᠭ᠎ᠠ ᠶᠢ ᠰᠣᠨᠣᠰᠴᠠᠢ᠃ ᠲᠡᠷᠡ ᠴᠢᠬᠤᠯᠠᠴᠢᠯᠠᠭᠰᠠᠨ ᠨᠢ᠂ ᠡᠯ᠎ᠡ ᠠᠵᠤ ᠠᠬᠤᠶᠢᠯᠠᠯ ᠪᠣᠯᠤᠨ ᠠᠵᠤ | ᠠᠬᠤᠶᠢᠯᠠᠯᠲᠠᠳ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠭᠤᠷᠢᠯᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ᠂ | ᠦᠢᠯᠡᠳᠬᠦᠨ ᠤ ᠪᠦᠲᠦᠴᠡ ᠪᠣᠯᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠤᠬᠢᠷᠠᠭᠤᠯᠤᠨ ᠰᠢᠯᠢᠳᠡᠭᠵᠢᠬᠦᠯᠬᠦ ᠶᠢ | ᠲᠦᠷᠭᠡᠳᠭᠡᠵᠦ᠂ ᠰᠢᠨ᠎ᠡ ᠦᠢᠯᠡᠳᠬᠦᠨ ᠤ ᠲᠡᠰ ᠳᠡᠪᠰᠢᠬᠦ ᠶᠢ ᠲᠦᠷᠭᠡᠳᠭᠡᠨ ᠠᠬᠢᠭᠤᠯᠬᠤ ᠬᠡᠷᠡᠭᠲᠡᠢ᠃ | ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠦᠷ᠎ᠡ | ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠤᠳᠠᠰ ᠤᠨ ᠭᠦᠢᠯᠭᠡᠭᠡ ᠵᠡᠷᠭᠡ ᠡᠵᠡᠩᠨᠡᠯᠲᠡ ᠶᠢᠨ ᠥᠪᠡᠷ ᠤᠨ | ᠦᠷᠳᠡᠭ ᠢ ᠪᠠᠭᠤᠷᠠᠭᠤᠯᠵᠤ᠂ ᠨᠡᠩ ᠶᠡᠭᠡ ᠬᠥᠭᠵᠢᠯᠲᠡ ᠶᠢᠨ ᠣᠷᠣᠨ ᠵᠠᠢ ᠶᠢ ᠲᠡᠮᠡᠴᠡᠨ ᠤᠯᠬᠤ ᠬᠡᠷᠡᠭᠲᠡᠢ᠃ ᠡᠯ᠎ᠡ | ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ︽ᠨᠢᠭᠡ ᠠᠵᠤ ᠠᠬᠤᠶᠢᠯᠠᠯ ᠳᠤ ᠨᠢᠭᠡ ᠪᠤᠳᠤᠯᠭ᠎ᠠ︾ ᠪᠠᠷ | ᠤᠨᠢᠨ ᠳᠡᠭᠡᠷ᠎ᠡ ᠨᠢ ᠦᠢᠯᠡᠴᠢᠯᠡᠬᠦ ᠶᠢ ᠨᠠᠶᠢᠳᠠᠪᠤᠷᠢᠵᠢᠭᠤᠯᠵᠦ᠂ ᠲᠦᠷᠦ ᠶᠢᠨ ᠪᠤᠳᠤᠯᠭ᠎ᠠ ᠶᠢᠨ ᠳᠡᠮᠵᠢᠯᠭᠡ᠂ | ᠡᠯᠧᠮᠧᠨ᠋ᠲ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠨᠡᠬᠡᠬᠡᠯᠳᠡ ᠵᠡᠷᠭᠡ ᠲᠠᠯ᠎ᠠ ᠪᠠᠷ ᠪᠦᠬᠦ ᠲᠠᠯ᠎ᠠ ᠶᠢᠨ ᠳᠡᠮᠵᠢᠯᠭᠡ | ᠦᠵᠡᠭᠦᠯᠵᠦ᠂ ᠠᠵᠤ ᠠᠬᠤᠶᠢᠯᠠᠯ ᠤᠨ ᠬᠤᠷᠴᠠ ᠰᠢᠷᠦᠭᠦᠨ ᠵᠠᠬ᠎ᠠ ᠳᠡᠯᠭᠡᠭᠦᠷ ᠤᠨ ᠥᠷᠢᠰᠥᠯᠳᠦᠭᠡᠨ ᠤ ᠳᠤᠮᠳᠠ ᠠᠵᠠ | ᠵᠠᠪᠰᠢᠶᠠᠨ ᠢ ᠠᠮᠵᠢᠵᠦ᠂ ᠰᠠᠨᠠᠭᠠᠴᠢᠯᠠᠭᠠᠲᠤ ᠡᠷᠬᠡ ᠶᠢ ᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ ︵ᠬᠠᠨ | ᠸᠧᠨ ᠪᠢᠨ︶ |