3 ᠳ᠋ᠤᠭᠠᠷ ᠰᠠᠷ᠎ᠠ ᠶᠢᠨ 5 ᠤ ᠡᠳᠦᠷ᠂ ᠶᠡᠷᠦᠩᠬᠡᠢ ᠰᠠᠶᠢᠳ ᠯᠢ ᠴᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠂ ᠭᠤᠣᠯ ᠪᠣᠯᠬᠤ ᠵᠦᠢᠯᠡᠰ ᠨᠢ ᠳᠣᠣᠷᠠᠬᠢ ᠮᠡᠲᠦ᠄ | ᠨᠢᠭᠡ᠂ 2024 ᠣᠨ ᠤ ᠠᠵᠢᠯ ᠤᠨ ᠡᠷᠭᠢᠴᠡᠭᠦᠯᠦᠯ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠥᠷᠲᠡᠭ 5% ᠪᠠᠷ ᠨᠡᠮᠡᠭᠳᠡᠪᠡ ᠠᠮᠤ ᠪᠤᠳᠠᠭᠠᠨ ᠤ ᠤᠨᠠᠯᠲᠠ 1.4 ᠲᠦᠮᠡᠨ | ᠳ᠋ᠦᠩᠰᠢᠭᠤᠷ ᠵᠢᠩ ᠤᠨ ᠰᠢᠨ᠎ᠡ ᠳᠡᠭᠲᠡᠷ ᠲᠤ ᠠᠩᠬ᠎ᠠ ᠤᠳᠠᠭ᠎ᠠ ᠭᠠᠷᠪᠠ ᠬᠤᠲᠠ ᠪᠠᠯᠭᠠᠰᠤᠨ ᠤ 1256 | ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠪᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠯ ᠤᠨ | ᠭᠠᠷᠤᠯᠲᠠ 1300 ᠲᠦᠮᠡ ᠶᠢ ᠳᠠᠪᠠᠪᠠ | ᠬᠤᠶᠠᠷ᠂ ᠡᠨᠡ ᠵᠢᠯ ᠤᠨ ᠭᠤᠣᠯ ᠵᠢᠱᠢᠭᠰᠡᠨ ᠬᠠᠷᠠᠯᠲᠠ ᠤᠯᠤᠰ ᠤᠨ ᠳᠣᠲᠣᠭᠠᠳᠤ ᠶᠢᠨ | ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ ᠬᠤᠲᠠ ᠪᠠᠯᠭᠠᠰᠤᠨ ᠤ | 1200 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠨ᠎ᠠ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ ᠶᠢᠨ ᠥᠰᠦᠯᠲᠡ ᠶᠢ 2% ᠣᠷᠴᠢᠮ ᠬᠢᠵᠠᠭᠠᠷᠯᠠᠨ᠎ᠠ ᠠᠮᠤ ᠪᠤᠳᠠᠭᠠᠨ ᠤ ᠤᠨᠠᠯᠲᠠ ᠶᠢ 1. | 4 ᠲᠦᠮᠡᠨ ᠳ᠋ᠦᠩᠰᠢᠭᠤᠷ ᠵᠢᠩ ᠣᠷᠴᠢᠮ ᠬᠦᠷᠭᠡᠨ᠎ᠡ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ | ᠶᠡᠷᠦᠩᠬᠡᠢ ᠦᠷᠲᠡᠭ ᠤᠨ ᠡᠨᠧᠷᠭᠢ ᠶᠢᠨ ᠨᠢᠭᠡᠴᠢ ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠤᠨ᠎ᠠ | ᠭᠤᠷᠪᠠ᠂ ᠡᠨᠡ ᠵᠢᠯ ᠤᠨ ᠬᠡᠰᠡᠭ ᠭᠤᠣᠯᠳᠠᠯᠭ᠎ᠠ ᠲᠠᠢ ᠠᠵᠢᠯ ᠡᠳ᠋ ᠤᠨ ᠵᠠᠰᠠᠭ᠄ ᠤᠯᠠᠭᠠᠨ ᠲᠣᠭᠠᠨ ᠤ | ᠨᠤᠷᠮ᠎ᠠ ᠶᠢ 4% ᠣᠷᠴᠢᠮ ᠢᠶᠠᠷ ᠲᠣᠬᠢᠷᠠᠭᠤᠯᠵᠤ᠂ ᠤᠯᠠᠭᠠᠨ ᠲᠣᠭᠠᠨ ᠤ ᠬᠡᠪᠴᠢᠶ᠎ᠡ ᠶᠢ ᠲᠦᠷᠦᠭᠦᠦ | ᠵᠢᠯ ᠤᠨ ᠬᠢ ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ | ᠵᠠᠰᠠᠭ ᠤᠨ ᠣᠷᠳᠣᠨ ᠤ ᠪᠡᠯᠡ ᠣᠷᠣᠭᠤᠯᠤᠯᠲᠠ᠄ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ 4.4 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ | ᠵᠢᠯ ᠤᠨ ᠬᠢ ᠠᠴᠠ 5000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠵᠠᠰᠠᠭ ᠤᠨ | ᠣᠷᠳᠣᠨ ᠤ ᠥᠷᠢ ᠥᠭᠴᠡᠭᠡᠨ ᠤ ᠶᠡᠷᠦᠩᠬᠡᠢ ᠬᠡᠪᠴᠢᠶᠡᠵᠢᠯ ᠢ ᠨᠡᠶᠢᠲᠡ 11.86 ᠲᠦᠮᠡᠨ ᠳ᠋ᠦᠩᠰᠢᠭᠤᠷ ᠲᠥᠭᠦᠷᠢᠭ | ᠰᠢᠨ᠎ᠡ ᠪᠠᠷ ᠨᠡᠮᠡᠭᠳᠡᠭᠦᠯᠵᠦ᠂ ᠲᠦᠷᠦᠭᠦᠦ ᠵᠢᠯ ᠤᠨ ᠬᠢ ᠠᠴᠠ 2.9 ᠲᠦᠮᠡᠨ ᠳ᠋ᠦᠩᠰᠢᠭᠤᠷ ᠲᠥᠭᠦᠷᠢᠭ | ᠨᠡᠮᠡᠭᠳᠡᠭᠦᠯᠦᠨ᠎ᠡ ᠤᠯᠤᠰ ᠤᠨ ᠣᠨᠴᠠᠭᠠᠢ ᠵᠢᠭᠡᠯᠡᠯᠭᠡ᠄ ᠤᠯᠤᠰ ᠤᠨ ᠬᠡᠳᠦ ᠤᠷᠳᠤ ᠬᠤᠭᠤᠴᠠᠭᠠᠲᠤ ᠣᠨᠴᠠᠭᠠᠢ | ᠵᠢᠭᠡᠯᠡᠯᠭᠡ ᠶᠢ 1.3 ᠲᠦᠮᠡᠨ ᠳ᠋ᠦᠩᠰᠢᠭᠤᠷ ᠲᠥᠭᠦᠷᠢᠭ ᠲᠠᠷᠬᠠᠭᠠᠵᠤ᠂ ᠲᠦᠷᠦᠭᠦᠦ ᠵᠢᠯ ᠤᠨ ᠬᠢ ᠠᠴᠠ 3000 | ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠤᠯᠤᠰ ᠤᠨ ᠣᠨᠴᠠᠭᠠᠶ ᠵᠢᠭᠡᠯᠡᠯᠭᠡ ᠶᠢ 5000 | ᠳ᠋ᠦᠩᠰᠢᠭᠤᠷ ᠲᠥᠭᠦᠷᠢᠭ ᠲᠠᠷᠬᠠᠭᠠᠬᠤ ᠪᠠᠷ ᠲᠥᠯᠥᠪᠯᠡᠵᠦ ᠪᠠᠶᠢᠨ᠎ᠠ ᠬᠡᠷᠡᠭᠯᠡᠭᠡ᠄ ᠬᠡᠷᠡᠭᠯᠡᠭᠡ ᠶᠢ ᠬᠥᠭᠵᠢᠭᠡᠬᠦ | ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠡᠳᠦ ᠣᠷᠳᠣ ᠬᠤᠭᠤᠴᠠᠭᠠᠲᠤ ᠤᠯᠤᠰ ᠤᠨ ᠣᠨᠴᠠᠭᠠᠢ ᠵᠢᠭᠡᠯᠡᠯᠭᠡ ᠶᠢ | 3000 ᠳ᠋ᠦᠩᠰᠢᠭᠤᠷ ᠲᠥᠭᠦᠷᠢᠭ ᠲᠣᠬᠢᠷᠠᠭᠤᠯᠵᠤ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ | ᠰᠣᠯᠢᠬᠤ ᠶᠢ ᠳᠡᠮᠵᠢᠨ᠎ᠡ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ᠄ ᠬᠤᠳᠠᠯᠳᠤᠭᠠᠨ ᠤ ᠰᠠᠨᠰᠠᠷ | ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠪᠠᠷ ᠡᠭᠦᠰᠦᠭᠰᠡᠨ ᠠᠵᠤ ᠦᠢᠯᠡᠰ ᠤᠨ ᠠᠮᠤᠷ ᠲᠦᠪᠰᠢᠨ | ᠡᠷᠡᠭᠦᠯ ᠬᠥᠭᠵᠢᠯᠲᠡ ᠶᠢ ᠠᠬᠢᠭᠤᠯᠤᠨ᠎ᠠ᠃ ᠠᠮᠢᠳᠤ ᠪᠣᠳᠠᠰ ᠤᠨ ᠦᠢᠯᠡᠳᠬᠡᠯ᠂ ᠺᠸᠠᠨ᠋ᠲ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠪᠡᠶᠡᠲᠦ ᠤᠶᠤᠨ᠂ 6G ᠵᠡᠷᠭᠡ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ᠎ᠠ᠃ | ᠦᠢᠯᠡᠳᠬᠡᠯ ᠤᠨ ᠦᠢᠯᠡᠰ ᠢ ᠳ᠋ᠢᠭᠢᠳ᠋ᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠨᠢ ᠲᠦᠷᠭᠡᠳᠬᠡᠨ᠎ᠡ᠃ ᠣᠶᠤᠨᠴᠢ | ᠰᠦᠯᠵᠢᠶᠡᠲᠦ ᠰᠢᠨ᠎ᠡ ᠡᠨᠧᠷᠭᠢ ᠶᠢᠨ ᠮᠠᠰᠢᠨ ᠲᠡᠷᠭᠡ᠂ ᠣᠶᠤᠨᠴᠢ ᠭᠠᠷ ᠤᠲᠠᠰᠤ ᠪᠠ ᠺᠣᠮᠫᠢᠦ᠋ᠲ᠋ᠧᠷ᠂ ᠣᠶᠤᠨᠴᠢ | ᠮᠠᠰᠢᠨ ᠬᠥᠮᠥᠨ ᠵᠡᠷᠭᠡ ᠰᠢᠨ᠎ᠡ ᠨᠢᠭᠡ ᠦᠶ᠎ᠡ ᠶᠢᠨ ᠣᠶᠤᠨᠴᠢ ᠦᠵᠦᠭᠦᠷ ᠵᠢᠴᠢ ᠣᠶᠤᠨᠴᠢ ᠦᠢᠯᠡᠳᠬᠡᠯ ᠲᠣᠨᠣᠭᠯᠠᠯ ᠢ | ᠶᠡᠭᠡ ᠪᠠᠷ ᠬᠥᠭᠵᠢᠭᠦᠯᠦᠨ᠎ᠡ | ᠰᠤᠷᠭᠠᠨ ᠬᠥᠮᠦᠵᠢᠯ᠄ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠰᠤᠷᠭᠠᠨ | ᠬᠥᠮᠦᠵᠢᠯ ᠤᠨ ᠰᠤᠷᠤᠯᠭ᠎ᠠ ᠶᠢᠨ ᠣᠷᠣ ᠶᠢᠨ ᠬᠠᠩᠭᠠᠯᠭ᠎ᠠ ᠶᠢ ᠥᠷᠭᠡᠳᠬᠡᠵᠦ᠂ ᠰᠦᠢᠳᠬᠡᠯ ᠦᠯᠦ ᠬᠤᠷᠢᠶᠠᠬᠤ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠢ ᠢᠳᠡᠭ ᠢᠳᠡᠭ ᠢᠶᠠᠷ ᠳᠡᠯᠭᠡᠷᠡᠭᠦᠯᠦᠨ᠎ᠡ ᠵᠠᠬ᠎ᠠ ᠳᠡᠯᠭᠡᠭᠦᠷ ᠤᠨ | ᠣᠷᠴᠢᠨ ᠨᠥᠬᠦᠴᠡᠯ᠄ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠤᠨ ᠠᠰᠠᠭᠤᠳᠠᠯ ᠢ ᠰᠢᠢᠳᠪᠦᠷᠢᠯᠡᠬᠦ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠳᠤ | ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠦᠨ᠎ᠡ | ᠨᠡᠭᠡᠭᠡᠯᠲᠡ᠄ ᠢᠨᠲ᠋ᠧᠷ ᠰᠦᠯᠵᠢᠶ᠎ᠡ᠂ ᠰᠣᠶᠣᠯ ᠵᠡᠷᠭᠡ ᠬᠦᠷᠢᠶᠡᠨ ᠳᠠᠬᠢ ᠡᠮᠬᠢ ᠵᠢᠷᠤᠮ ᠲᠠᠢ ᠨᠡᠭᠡᠭᠡᠯᠲᠡ ᠶᠢ ᠠᠬᠢᠭᠤᠯᠵᠤ | ᠂ ᠴᠠᠬᠢᠯᠭᠠᠨ ᠬᠤᠯᠪᠣᠭ᠎ᠠ᠂ ᠡᠮᠴᠢᠯᠡᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠨᠡᠭᠡᠭᠡᠯᠲᠡ ᠶᠢᠨ | ᠲᠤᠷᠰᠢᠯᠲᠠ ᠶᠢᠨ ᠴᠡᠭ ᠢ ᠥᠷᠭᠡᠳᠬᠡᠨ᠎ᠡ ᠣᠷᠣᠨ ᠰᠠᠭᠤᠴᠠ᠄ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠪᠠᠭᠤᠷᠠᠯᠲᠠ ᠶᠢ ᠵᠣᠭᠰᠣᠭᠠᠨ ᠲᠣᠭᠲᠠᠪᠤᠷᠢᠵᠢᠭᠤᠯᠬᠤ ᠲᠡᠶᠢᠰᠢ ᠦᠷᠭᠦᠯᠵᠢᠯᠡᠨ | ᠬᠦᠴᠦᠯᠡᠨ ᠠᠬᠢᠭᠤᠯᠤᠨ᠎ᠠ᠃ ᠬᠤᠳᠠ ᠶᠢᠨ ᠳᠤᠮᠳᠠᠬᠢ ᠲᠣᠰᠬᠤᠨ ᠪᠠ ᠨᠤᠷᠠᠬᠤ ᠠᠶᠤᠯᠲᠠᠢ ᠬᠠᠭᠤᠴᠢᠨ ᠭᠡᠷ | ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠦᠴᠦᠯᠡᠨ ᠬᠡᠷᠡᠭᠵᠢᠭᠦᠯᠦᠨ᠎ᠡ᠃ ᠦᠯᠡᠳᠡᠭᠡᠯ ᠲᠠᠸᠠᠷ ᠤᠨ ᠭᠡᠷ ᠪᠠᠶᠢᠰᠢᠩ | ᠬᠤᠳᠠᠯᠳᠤᠨ ᠠᠪᠬᠤ ᠶᠢ ᠠᠬᠢᠭᠤᠯᠤᠨ᠎ᠠ᠃ ᠪᠠᠲᠤᠯᠠᠨ ᠲᠤᠰᠢᠶᠠᠬᠤ ᠭᠡᠷ ᠪᠠᠶᠢᠰᠢᠩ ᠤᠨ ᠠᠵᠢᠯ ᠢ ᠦᠷᠭᠦᠯᠵᠢᠯᠡᠨ | ᠰᠠᠶᠢᠲᠤᠷ ᠬᠢᠨ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠄ ᠦᠷ᠎ᠡ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠲᠥᠪ ᠤᠨ ᠨᠢᠭᠡᠳᠦᠯᠲᠡᠢ ᠲᠥᠯᠥᠪᠯᠡᠭᠰᠡᠨ ᠠᠮᠤ | ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠬᠥᠨᠳᠡᠯᠡᠨ ᠴᠢᠭᠯᠡᠯ ᠢᠶᠠᠷ | ᠠᠰᠢᠭ ᠲᠤᠰᠠ ᠶᠢ ᠨᠥᠬᠦᠪᠦᠷᠢᠯᠡᠭᠦᠯᠬᠦ ᠶᠢ ᠡᠬᠢᠯᠡᠭᠦᠯᠵᠦ᠂ ᠠᠮᠤ ᠪᠤᠳᠠᠭᠠᠨ ᠤ ᠤᠨᠠᠯᠲᠠ ᠶᠡᠬᠡᠲᠡᠢ ᠰᠢᠶᠠᠨ ᠳᠤ | ᠦᠵᠡᠭᠦᠯᠬᠦ ᠳᠡᠮᠵᠢᠯᠭᠡ ᠪᠠᠨ ᠨᠡᠮᠡᠭᠳᠡᠭᠦᠯᠦᠨ᠎ᠡ᠃ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠨ᠎ᠡ ᠬᠤᠲᠠ ᠪᠠᠯᠭᠠᠰᠤᠵᠢᠯᠲᠠ᠄ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ | ᠠᠮᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠲᠣᠭᠲᠠᠯᠴᠠᠭᠠᠨ ᠳᠤ ᠣᠷᠣᠭᠤᠯᠬᠤ ᠶᠢ ᠠᠬᠢᠭᠤᠯᠤᠨ᠎ᠠ᠃ | ᠬᠤᠲᠠ ᠶᠢᠨ ᠰᠢᠨᠡᠴᠢᠯᠡᠯᠲᠡ ᠪᠠ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠰᠢᠨᠡᠳᠬᠡᠬᠦ ᠶᠢ ᠦᠷᠭᠦᠯᠵᠢᠯᠡᠨ ᠠᠬᠢᠭᠤᠯᠤᠨ᠎ᠠ | ᠠᠮᠢ ᠠᠬᠤᠢ᠄ ᠪᠣᠬᠢᠷᠲᠤᠯ ᠦᠭᠡᠢ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠪᠣᠬᠢᠷᠲᠤᠯ | ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠪᠦᠷᠢᠯᠳᠦᠭᠦᠯᠬᠦ ᠶᠢ | ᠠᠬᠢᠭᠤᠯᠤᠨ᠎ᠠ ᠠᠵᠢᠯ ᠣᠯᠭᠤᠯᠲᠠ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ | ᠠᠵᠢᠯ ᠣᠯᠬᠤ ᠦᠢᠯᠡᠰ ᠪᠣᠰᠬᠠᠬᠤ ᠠᠷᠭ᠎ᠠ ᠵᠠᠮ ᠢ ᠥᠷᠭᠡᠳᠬᠡᠨ᠎ᠡ᠃ ᠠᠮᠢᠳᠤᠯᠢᠭ ᠢᠶᠠᠷ ᠠᠵᠢᠯ ᠣᠯᠬᠤ ᠪᠠ ᠠᠵᠢᠯ | ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ᠃ | ᠤᠷ᠎ᠠ ᠮᠡᠷᠭᠡᠰᠢᠯᠳᠦ ᠴᠢᠳᠠᠪᠤᠷᠢᠲᠠᠨ ᠤ ᠬᠠᠷᠠᠭᠠᠯᠵᠠᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠡᠮᠴᠢᠯᠡᠭᠡ | ᠡᠷᠡᠭᠦᠯ ᠬᠠᠮᠠᠭᠠᠯᠠᠯ᠄ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠰᠢᠯᠢᠳᠡᠭᠵᠢᠭᠦᠯᠵᠦ᠂ ᠶᠠᠰᠤ ᠴᠢᠨᠠᠷ ᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ᠃ ᠰᠠᠭᠤᠭᠠᠯᠢ | ᠠᠷᠠᠳ ᠤᠨ ᠡᠮᠴᠢᠯᠡᠭᠡᠨ ᠤ ᠳᠠᠭᠠᠳᠬᠠᠯ ᠪᠠ ᠣᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠵᠠᠷᠤᠳᠠᠯ ᠤᠨ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ ᠳᠠᠬᠢᠨ ᠲᠣᠰ ᠲᠣᠰ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠦᠨ᠎ᠡ | ᠨᠡᠶᠢᠭᠡᠮ ᠤᠨ ᠪᠠᠲᠤᠯᠠᠭ᠎ᠠ᠄ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠮᠥᠩᠭᠦᠨ ᠤ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠳᠠᠬᠢᠨ 20 ᠲᠥᠭᠦᠷᠢᠭ ᠳᠡᠭᠡᠭᠰᠢᠯᠡᠭᠦᠯᠦᠨ᠎ᠡ᠃ | ᠦᠷᠡᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠡᠦᠬᠡᠳ ᠪᠤᠶᠢᠵᠢᠭᠤᠯᠬᠤ ᠨᠥᠬᠦᠪᠦᠷᠢ | ᠣᠯᠭᠤᠨ᠎ᠠ |