ᠲᠦᠴᠢᠦᠸᠠᠨ ᠰᠢᠶᠠᠨ 2025 ᠣᠨ ᠤ ᠭᠤᠤᠯᠳᠠᠯᠭ᠎ᠠ ᠲᠠᠢ ᠲᠥᠷᠥᠯ ᠵᠦᠶ᠋ᠯ ᠭᠤᠤᠯᠳᠠᠯᠭ᠎ᠠ ᠲᠠᠢ ᠢᠨᠵᠧᠨᠧᠷᠢᠩ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/30
      4 ᠰᠠᠷ᠎ᠠ ᠶᠢᠨ 29 ᠤ ᠡᠳᠦᠷ᠂ ᠲᠦᠴᠢᠦᠸᠠᠨ ᠰᠢᠶᠠᠨ 2025 ᠣᠨ ᠤ ᠭᠤᠤᠯᠳᠠᠯᠭ᠎ᠠ ᠲᠠᠢ ᠲᠥᠷᠥᠯ ᠵᠦᠶ᠋ᠯ ᠂ ᠭᠤᠤᠯᠳᠠᠯᠭ᠎ᠠ ᠲᠠᠢ ᠢᠨᠵᠧᠨᠧᠷᠢᠩ᠂ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠥᠬᠦᠳ ᠢ ᠳᠠᠭᠠᠭᠤᠯᠤᠨ᠂ ᠪᠥᠬᠦ ᠰᠢᠶᠠᠨ ᠤ 16 ᠭᠤᠤᠯᠳᠠᠯᠭ᠎ᠠ ᠲᠠᠢ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ ᠵᠢᠯᠣᠭᠤᠳᠴᠤ᠂ ︽ᠲᠤᠬᠠᠶ ᠶᠢᠨ ᠲᠠᠯᠠᠪᠤᠷ ᠲᠤ ᠠᠵᠢᠯᠯᠠᠬᠤ + ᠲᠤᠬᠠᠶ ᠶᠢᠨ ᠭᠠᠵᠠᠷ ᠲᠤ ᠰᠢᠯᠭᠠᠨ ᠪᠠᠶᠢᠴᠠᠭᠠᠬᠤ︾ ᠠᠷᠭ᠎ᠠ ᠬᠡᠯᠪᠡᠷᠢ ᠪᠠᠷ ᠣᠨ ᠤ ᠭᠤᠤᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠥᠬᠦᠳ ᠮᠧᠩ ᠨᠧᠩ ᠤᠨ ᠲᠦᠴᠢᠦᠸᠠᠨ ᠰᠢᠶᠠᠨ ᠤ ᠵᠠᠭᠤᠨ ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠰᠠᠭᠤᠷᠢᠨ᠂ ᠭᠦᠸᠧ ᠹᠠᠩ ᠵᠢᠶᠦ᠋ᠨ ᠰᠢᠶᠠᠩ ᠣᠲᠣ ᠦᠶ᠎ᠡ ᠶᠢᠨ ᠲᠠᠷᠢᠶᠠᠯᠠᠩ ᠤᠨ ᠲᠠᠯᠠᠪᠠᠶ᠂ ᠳ᠋ᠤᠤ ᠮᠧᠶ ᠬᠦᠳᠡᠭᠡ ᠲᠤᠰᠬᠤᠨ᠂ ᠨᠢᠩ ᠲᠢᠶᠣᠣ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠠᠮᠢ ᠠᠬᠤᠶ ᠶᠢᠨ ᠠᠵᠤ ᠦᠶ᠋ᠯᠡᠰ᠂ ᠠ ᠮᠠ ᠰᠢᠶᠠᠩ ᠽᠢ ᠠᠷᠢᠬᠢᠨ ᠤ ᠦᠶ᠋ᠯᠡᠳᠪᠦᠷᠢ ᠶᠢ ᠲᠡᠭᠡᠭᠰᠢᠯᠡᠭᠦᠯᠬᠦ᠂ ᠢᠳᠡᠰᠢᠨ ᠮᠥᠭᠦ ᠶᠢᠨ ᠠᠵᠤ ᠦᠶ᠋ᠯᠡᠰ ᠤᠨ ᠬᠦᠷᠢᠶᠡᠯᠡᠩ᠂ ᠴᠠᠭᠠᠨ ᠢᠳᠡᠭᠡᠨ ᠪᠣᠯᠪᠠᠰᠤᠷᠠᠭᠤᠯᠬᠤ ᠲᠠᠰᠤᠭ᠂ ᠪᠣᠷᠣ ᠰᠠᠷᠢᠮᠰᠠᠭ ᠤᠨ ᠦᠶ᠋ᠯᠡᠰ ᠪᠦᠲᠦᠭᠡᠬᠦ ᠠᠵᠤ ᠦᠶ᠋ᠯᠡᠰ ᠤᠨ ᠬᠦᠷᠢᠶᠡᠯᠡᠩ᠂ ᠲᠠᠷᠢᠶᠠᠯᠠᠩ ᠤᠨ ᠠᠵᠤ ᠦᠶ᠋ᠯᠡᠰ ᠤᠨ ᠬᠡᠯᠬᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠡᠷᠭᠡ ᠠᠯᠢ ᠣᠯᠠᠨ ᠠᠵᠤ ᠦᠶ᠋ᠯᠡᠰ ᠤᠨ ᠲᠥᠷᠥᠯ ᠵᠦᠶ᠋ᠯ ᠢᠶᠠᠷ ᠲᠣᠭᠤᠷᠢᠨ ᠦᠵᠡᠪᠡ᠃     ᠴᠦᠨ ᠵᠧᠦ ᠶᠢᠨ ᠡᠷᠲᠡᠨ ᠤ ᠬᠤᠲᠠ᠂ ᠡᠪᠦᠭᠡᠨ ᠠᠭᠤᠯᠠ ᠣᠢ ᠰᠢᠭᠤᠶ ᠶᠢᠨ ᠶᠡᠷᠦᠩᠬᠡᠶ ᠴᠣᠭᠴᠠ᠂ ᠶᠡᠭᠡ ᠨᠠᠮ ᠤᠨ ᠪᠠᠶᠢᠭᠤᠯᠤᠯᠲᠠ ᠪᠠᠷ ︽ᠦᠵᠡᠮᠵᠢ ᠲᠣᠰᠬᠤᠨ ᠢ ᠬᠠᠮᠲᠤ ᠪᠠᠷ ᠪᠠᠶᠢᠭᠤᠯᠬᠤ︾ ᠶᠢ ᠬᠥᠲᠥᠯᠥᠨ ᠳᠠᠭᠠᠭᠤᠯᠵᠤ ᠳᠡᠭᠡᠭᠰᠢᠯᠡᠭᠦᠯᠬᠦ ᠵᠡᠷᠭᠡ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠢᠨᠵᠧᠨᠧᠷᠢᠩ ᠢ ᠲᠤᠬᠠᠶ ᠶᠢᠨ ᠭᠠᠵᠠᠷ ᠲᠤᠨᠢ ᠪᠠᠢᠴᠠᠭᠠᠨ ᠦᠵᠡᠪᠡ᠃ ᠲᠤᠬᠠᠶ ᠶᠢᠨ ᠭᠠᠵᠠᠷ ᠲᠤᠨᠢ ᠲᠥᠪᠯᠡᠷᠡᠭᠦᠯᠦᠨ ᠤᠰᠤ ᠬᠠᠩᠭᠠᠬᠤ ᠶᠢ ᠥᠭᠡᠷᠡᠴᠢᠯᠡᠨ ᠪᠠᠶᠢᠭᠤᠯᠵᠤ ᠥᠷᠭᠡᠳᠬᠡᠨ ᠪᠠᠶᠢᠭᠤᠯᠬᠤ ᠢᠨᠵᠧᠨᠧᠷᠢᠩ᠂ ᠯᠢ ᠴᠢᠤᠸᠠᠨ ᠠᠷᠠᠳ ᠲᠤ ᠲᠥᠬᠦᠮ ᠦᠶ᠋ᠯᠡᠴᠢᠯᠡᠭᠡᠨ ᠤ ᠲᠥᠪ᠂ ᠨᠡᠶᠢᠲᠡ ᠶᠢᠨ ᠦᠢᠯᠡᠴᠢᠯᠡᠭᠡᠨ ᠤ ᠠᠷᠰᠠᠷ ᠠᠵᠢᠯ ᠤᠨ ᠵᠠᠬ᠎ᠠ ᠳᠡᠯᠭᠡᠭᠦᠷ᠂ ᠬᠤᠲᠠ ᠶᠢᠨ ᠪᠠᠶᠢᠰᠢᠩ ᠭᠡᠷ ᠲᠣᠭᠤᠷᠢᠭ ᠤᠨ ᠥᠭᠡᠷᠡᠴᠢᠯᠡᠯᠲᠡ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠶ᠋ᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠢᠨᠠᠨ ᠵᠢᠯᠤᠭᠤᠳᠪᠠ᠃ ᠨᠢᠭᠡ ᠭᠠᠵᠠᠷ ᠲᠤ ᠬᠦᠷᠬᠦ ᠪᠦᠷᠢ᠂ ᠬᠤᠷᠠᠯ ᠳᠤ ᠣᠷᠣᠯᠴᠠᠭᠰᠠᠨ ᠤᠳᠤᠷᠢᠳᠬᠤ ᠨᠥᠬᠦᠳ ᠲᠦᠷᠦᠯ ᠵᠦᠢᠯ ᠤᠨ ᠠᠬᠢᠴᠠ ᠶᠢᠨ ᠬᠠᠷᠢᠭᠤ ᠮᠡᠳᠡᠭᠦᠯᠦᠯᠲᠡ ᠶᠢ ᠨᠠᠷᠢᠨ ᠰᠣᠨᠣᠰᠴᠤ᠂ ᠬᠦᠴᠢᠷᠳᠡᠯᠲᠡᠢ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠶᠢᠨ ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠴᠢᠭᠯᠡᠭᠦᠯᠦᠨ ᠵᠢᠯᠣᠭᠤᠳᠬᠤ ᠰᠠᠨᠠᠯ ᠳᠤᠷᠠᠳᠴᠠᠢ᠃ ᠲᠣᠰ ᠤᠳᠠᠭᠠᠨ ᠤ ᠠᠬᠢᠭᠤᠯᠬᠤ ᠬᠤᠷᠠᠯ ᠳᠤ ︽ᠵᠢᠯ ᠤᠨ ᠡᠬᠢᠨ ᠳᠤ ᠲᠠᠩᠰᠠ ᠪᠠᠶᠢᠭᠤᠯᠬᠤ᠂ ᠵᠢᠯ ᠤᠨ ᠳᠤᠮᠳᠠ ᠳᠠᠩᠰᠠ ᠪᠠᠶᠢᠴᠠᠭᠠᠬᠤ᠂ ᠵᠢᠯ ᠤᠨ ᠡᠴᠦᠰ ᠲᠤ ᠳᠠᠩᠰᠠ ᠲᠤᠰᠢᠶᠠᠬᠤ︾ ᠠᠵᠢᠯ ᠤᠨ ᠲᠣᠭᠲᠠᠴᠠ ᠲᠠᠢ ᠤᠶᠠᠯᠳᠤᠭᠤᠯᠤᠨ᠂ ︽ᠦᠵᠡᠬᠦ᠂ ᠰᠤᠨᠤᠰᠬᠤ᠂ ᠰᠢᠭᠦᠮᠵᠢᠯᠡᠬᠦ᠂ ᠰᠢᠪᠠᠳᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠪᠠᠷ ᠲᠠᠮᠵᠢᠨ᠂ ᠣᠳᠣ ᠦᠶ᠎ᠡ ᠶᠢᠨ ᠲᠠᠷᠢᠶᠠᠯᠠᠩ᠂ ᠴᠡᠪᠡᠷ ᠡᠨᠧᠷᠭᠢ᠂ ᠠᠮᠢ ᠠᠬᠤᠶ ᠶᠢᠨ ᠡᠷᠡᠭᠦᠯᠵᠢᠯ ᠰᠤᠪᠢᠯᠠᠯᠲᠠ ᠵᠡᠷᠭᠡ ᠬᠦᠷᠢᠶᠡᠨ ᠳᠠᠬᠢ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢ ᠢᠯᠡᠷᠡᠭᠦᠯᠦᠭᠰᠡᠨ ᠮᠥᠷᠲᠡᠭᠡᠨ᠂ ᠪᠠᠰᠠ ᠲᠥᠷᠥᠯ ᠵᠦᠶ᠋ᠯ ᠢ ᠠᠬᠢᠭᠤᠯᠬᠤ ᠳᠤᠮᠳᠠᠬᠢ ᠬᠦᠴᠢᠷ ᠠᠰᠠᠭᠤᠳᠠᠯ ᠢ ᠰᠢᠰᠲ᠋ᠧᠮ ᠲᠠᠢ ᠡᠮᠬᠢᠯᠡᠵᠦ᠂ ᠪᠦᠬᠦ ᠰᠢᠶᠠᠨ ᠤ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠶ᠋ᠯᠡᠰ ᠪᠣᠰᠬᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠤᠯᠠᠮ ᠨᠢᠭᠡ ᠠᠯᠬᠤᠮ ᠬᠦᠭᠵᠢᠭᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠶᠢᠨ ᠬᠡᠷᠡᠭᠵᠢᠭᠦᠯᠬᠦ ᠬᠦᠴᠦᠨ ᠪᠠ ᠠᠵᠢᠯᠯᠠᠭᠠᠨ ᠤ ᠬᠦᠴᠦᠨ ᠢ ᠴᠢᠩᠭᠠᠷᠠᠭᠤᠯᠪᠠ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠪᠡᠶᠡᠯᠡᠭᠦᠯᠵᠦ᠂ ᠲᠦᠴᠢᠦᠸᠠᠨ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠪᠠ᠃
 
ᠢᠷᠡᠯᠲᠡ᠄ ᠲᠦᠴᠢᠶᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号