ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠮᠦᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/5/23
     ᠬᠤᠭᠤᠯᠠ ᠬᠦᠷᠭᠡᠭᠴᠢ ᠶᠢᠨ ᠠᠵᠢᠯ ᠲᠦᠷᠦᠯ ᠤᠨ ᠬᠦᠮᠦᠰ ᠤᠨ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠬᠤᠭᠤᠯᠠ ᠬᠦᠷᠭᠡᠭᠴᠢ ᠶᠢᠨ ᠠᠵᠢᠯ ᠲᠦᠷᠦᠯ ᠤᠨ ᠵᠠᠮ ᠬᠠᠷᠢᠯᠴᠠᠭᠠᠨ ᠤ ᠠᠮᠦᠷ ᠲᠦᠪᠰᠢᠨ ᠤ ᠬᠢᠷᠢ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠵᠠᠮ ᠬᠠᠷᠢᠯᠴᠠᠭᠠᠨ ᠤ ᠠᠶᠤᠯ ᠭᠠᠷᠬᠤ ᠶᠢ ᠡᠬᠢ ᠰᠤᠷᠪᠤᠯᠵᠢ ᠠᠴᠠ ᠨᠢ ᠰᠡᠷᠬᠡᠶᠢᠯᠡᠬᠦ ᠶᠢᠨ ᠲᠦᠯᠦᠬᠡ᠂ ᠤᠶᠢᠷ᠎ᠠ ᠳᠤ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠶᠢᠨ ᠲᠢᠶᠧ ᠴᠢ ᠲᠤᠮᠳᠠ ᠠᠩᠬᠢ ᠶᠢᠨ ᠬᠢᠨ ᠮᠸᠢ ᠲᠤᠸᠠᠨ ᠬᠤᠭᠤᠯᠠ ᠬᠦᠷᠭᠡᠭᠴᠢ ᠶᠢᠨ ᠦᠢᠯᠡᠴᠢᠯᠡᠬᠡᠨ ᠤ ᠺᠤᠮᠫᠠᠨᠢ ᠳᠤ ᠬᠦᠷᠴᠦ᠂ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃     ᠠᠵᠢᠯᠯᠠᠭ᠎ᠠ ᠳᠤ᠂ ᠲᠢᠶᠧ ᠴᠢ ᠲᠤᠮᠳᠠ ᠠᠩᠬᠢ ᠶᠢᠨ ᠵᠠᠮ ᠬᠠᠷᠢᠯᠴᠠᠭᠠᠨ ᠤ ᠴᠠᠬᠳᠠᠭ᠎ᠠ ᠨᠠᠷ ᠬᠤᠭᠤᠯᠠ ᠬᠦᠷᠭᠡᠭᠴᠢ ᠶᠢᠨ ᠠᠵᠢᠯ ᠲᠦᠷᠦᠯ ᠤᠨ ᠤᠨᠴᠠᠯᠢᠭ ᠲᠠᠢ ᠤᠶᠠᠯᠳᠤᠭᠤᠯᠤᠨ᠂ ᠬᠤᠭᠤᠯᠠ ᠬᠦᠷᠭᠡᠭᠴᠢ ᠶᠢᠨ ᠬᠤᠭᠤᠯᠠ ᠬᠦᠷᠭᠡᠬᠦ ᠶᠠᠪᠤᠴᠠ ᠳᠤ ᠤᠯᠠᠭᠠᠨ ᠳ᠋ᠧᠩ ᠦᠡᠭᠬᠡᠷᠡᠬᠦ᠂ ᠰᠦᠷᠭᠡᠦ ᠶᠠᠪᠤᠬᠤ᠂ ᠲᠤᠷᠠᠪᠡᠷ ᠵᠠᠮ ᠢᠶᠠᠨ ᠬᠤᠪᠢᠷᠠᠭᠠᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠬᠦᠯᠦᠨ᠂ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠦᠨᠦᠬᠡᠯ ᠢ ᠨᠠᠷᠢᠯᠢᠭ ᠲᠠᠶᠢᠯᠪᠦᠷᠢᠯᠡᠵᠦ ᠦᠭᠴᠡᠢ᠃ ᠡᠬᠦᠨ ᠠᠴᠠ ᠭᠠᠳᠠᠨ᠎ᠠ᠂ ᠵᠠᠮ ᠬᠠᠷᠢᠯᠴᠠᠭᠠᠨ ᠤ ᠴᠠᠬᠳᠠᠭ᠎ᠠ ᠨᠠᠷ ᠬᠤᠭᠤᠯᠠ ᠬᠦᠷᠭᠡᠭᠴᠢ ᠨᠠᠷ ᠲᠤ ᠴᠠᠬᠢᠯᠭᠠᠨ ᠬᠦᠳᠡᠯᠬᠡᠬᠦᠷᠳᠤ ᠮᠠᠰᠢᠨ ᠤ ᠠᠮᠦᠷ ᠲᠦᠪᠰᠢᠨ ᠢᠶᠠᠷ ᠠᠶᠠᠯᠠᠬᠤ ᠭᠠᠷ ᠲᠡᠪᠳᠡᠷ ᠲᠠᠷᠬᠠᠭᠠᠬᠰᠠᠨ ᠪᠦᠭᠡᠳ ᠲᠤᠬᠠᠢ ᠶᠢᠨ ᠲᠠᠯᠠᠪᠦᠷ ᠲᠤ ᠠᠮᠦᠷ ᠲᠦᠪᠰᠢᠨ ᠤ ᠲᠤᠭᠤᠯᠠᠭ᠎ᠠ ᠶᠢ ᠵᠦᠪ ᠡᠮᠦᠰᠬᠦ ᠶᠢ ᠵᠢᠭᠠᠵᠦ ᠦᠭᠴᠡᠢ᠃ ᠲᠤᠰ ᠤᠳᠠᠭᠠᠨ ᠤ ᠠᠵᠢᠯᠯᠠᠭ᠎ᠠ ᠨᠢ ᠬᠤᠭᠤᠯᠠ ᠬᠦᠷᠭᠡᠭᠴᠢ ᠶᠢᠨ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠤᠬᠠᠮᠰᠠᠷ ᠢ ᠪᠦᠳᠦᠮᠵᠢᠳᠡᠢ ᠲᠡᠭᠡᠭᠰᠢᠯᠡᠬᠦᠯᠵᠠᠢ᠃ ᠲᠠᠷᠠᠭᠠᠴᠢ ᠪᠠᠷ᠂ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ ᠠᠩᠬᠢ ᠶᠢᠨ ᠴᠠᠬᠳᠠᠭ᠎ᠠ ᠨᠡᠷ ᠡᠯ᠎ᠡ ᠠᠵᠢᠯ ᠲᠦᠷᠦᠯ ᠤᠨ ᠲᠠᠯᠠᠪᠦᠷ ᠭᠠᠵᠠᠷ ᠢᠶᠠᠷ ᠦᠷᠬᠦᠯᠵᠢᠯᠡᠨ ᠬᠦᠨᠵᠡᠬᠡᠶᠢᠷᠡᠵᠤ᠂ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠪᠠ ᠰᠡᠩᠬᠡᠷᠡᠬᠦᠯᠦᠯ ᠤᠨ ᠬᠦᠮᠦᠵᠢᠯ ᠦᠷᠨᠢᠬᠦᠯᠬᠦ ᠪᠠᠨ ᠴᠢᠩᠭᠠᠳᠬᠠᠵᠦ᠂ ᠤᠯᠠᠨ ᠲᠦᠮᠡᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠪᠠ ᠪᠤᠯᠪᠠᠰᠦᠨ ᠤ ᠬᠡᠮᠵᠢᠶ᠎ᠡ ᠶᠢ ᠲᠡᠭᠡᠭᠰᠢᠯᠡᠬᠦᠯᠵᠦ᠂ ᠠᠮᠦᠷ ᠲᠦᠪᠰᠢᠨ᠂ ᠰᠠᠭᠠᠳ ᠦᠬᠡᠢ᠂ ᠡᠮᠬᠢ ᠵᠢᠷᠦᠮ ᠲᠠᠢ ᠵᠠᠮ ᠬᠠᠷᠢᠯᠴᠠᠭᠠᠨ ᠤ ᠤᠷᠴᠢᠨ ᠢ ᠬᠠᠮᠳᠤᠪᠡᠷ ᠪᠦᠷᠢᠯᠳᠦᠬᠦᠯᠬᠦ ᠪᠤᠯᠤᠨ᠎ᠠ᠃ ︵ᠰᠡᠷᠬᠦᠯᠡᠩ︶    
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号