ᠷᠠᠰᠢᠶᠠᠨ ᠬᠢᠯᠢ ᠶᠢᠨ ᠪᠣᠭᠤᠮᠲᠠ ︽ᠭᠤᠷᠪᠠ ᠶᠢ ᠨᠢᠭᠡ ᠴᠤᠬᠴᠠᠵᠢᠭᠤᠯᠤᠬᠰᠠᠨ︾ ᠪᠣᠭᠤᠮᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠭᠡᠷᠡᠭᠵᠢᠬᠦᠯᠪᠡ
ᠨᠡᠶᠢᠲᠡᠯᠡᠭᠰᠡᠨ ᠴᠠᠭ᠄
2025/5/23
        ᠷᠠᠰᠢᠶᠠᠨ ᠬᠢᠯᠢ ᠶᠢᠨ ᠪᠣᠭᠤᠮᠲᠠ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠰᠦᠮᠪᠦᠷ ᠬᠢᠯᠢ ᠶᠢᠨ ᠪᠣᠭᠤᠮᠲᠠ ᠲᠠᠢ ᠭᠤᠣᠯ ᠠᠯᠤᠰᠯᠠᠨ ᠪᠠᠶᠢᠷᠢᠯᠠᠵᠤ ᠪᠤᠢ᠃ ᠲᠡᠷᠡ ᠨᠢ ᠮᠠᠨ ᠤ ᠤᠯᠤᠰ ᠤᠨ ᠮᠣᠩᠭᠤᠯ ᠤᠯᠤᠰ ᠲᠤ ᠨᠡᠭᠡᠭᠡᠯᠲᠡ ᠬᠢᠭᠰᠡᠨ ᠣᠯᠠᠨ ᠤᠯᠤᠰ ᠤᠨ ᠴᠢᠨᠠᠷᠲᠠᠶ 5 ᠬᠢᠯᠢ ᠶᠢᠨ ᠪᠣᠭᠤᠮᠲᠠ ᠶᠢᠨ ᠨᠢᠭᠡ ᠪᠣᠯᠬᠤ ᠪᠠᠷ ᠪᠠᠷᠠᠬᠤ ᠥᠬᠡᠶ ᠥᠪᠡᠷᠲᠡᠭᠡᠨ ᠵᠠᠰᠠᠬᠤ ᠣᠷᠣᠨ ᠤ ᠭᠠᠳᠠᠭᠰᠢ ᠨᠡᠭᠡᠭᠡᠯᠲᠡ ᠬᠢᠭᠰᠡᠨ ᠬᠢᠯᠢ ᠶᠢᠨ ᠪᠣᠭᠤᠮᠲᠠ ᠶᠢᠨ ᠳᠣᠲᠣᠷᠠᠬᠢ ᠴᠣᠷ ᠤᠨ ᠭᠠᠭᠴᠠ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠪᠠ ᠤᠰᠤᠨ ᠵᠠᠮ ︽ᠳᠥᠷᠪᠡ ᠶᠢ ᠨᠢᠭᠡ ᠴᠣᠭᠴᠠᠵᠢᠭᠤᠯᠤᠬᠰᠠᠨ︾ ᠨᠥᠬᠦᠴᠡᠯ ᠪᠠ ᠳᠠᠪᠠᠭᠤᠯᠢᠭ ᠲᠠᠢ ᠬᠢᠯᠢ ᠶᠢᠨ ᠪᠣᠭᠤᠮᠲᠠ ᠪᠠᠶᠢᠵᠤ᠂ ᠭᠠᠵᠠᠷ ᠵᠦᠶ ᠶᠢᠨ ᠪᠠᠶᠢᠷᠢᠰᠢᠯ ᠪᠠ ᠰᠦᠷᠯᠢᠭ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠳᠤ ᠲᠦᠰᠢᠭᠯᠡᠨ᠂ ᠮᠠᠰᠢ ᠣᠯᠠᠨ ᠵᠢᠭᠤᠯᠴᠢᠯᠠᠭᠰᠠᠳ ᠤᠨ ᠪᠠᠭ᠋ᠠᠷᠬᠠᠯ ᠢ ᠲᠠᠲᠠᠭᠰᠠᠨ ᠪᠠᠶᠢᠨ᠎ᠠ᠃     ︽ᠨᠢᠳᠤᠨᠤᠨ ᠮᠠᠨ ᠤ ᠷᠠᠰᠢᠶᠠᠨ ᠬᠢᠯᠢ ᠶᠢᠨ ᠪᠣᠭᠤᠮᠲᠠ ᠪᠠᠷ ᠦᠡᠭᠭᠡᠷᠡᠭᠰᠡᠨ ᠠᠶᠠᠨᠴᠢᠳ 10143 ᠬᠥᠮᠦᠨ ᠤᠳᠠᠭ᠎ᠠ ᠳᠤ ᠬᠦᠷᠴᠤ᠂ 80% ᠰᠢᠬᠠᠮ ᠨᠢ ᠬᠢᠯᠢ ᠠᠯᠤᠰᠯᠠᠭᠰᠠᠨ ᠵᠢᠭᠤᠯᠴᠢᠯᠠᠭᠴᠢ ᠪᠠᠶᠢᠵᠤ᠂ ᠷᠠᠰᠢᠶᠠᠨ ᠬᠢᠯᠢ ᠶᠢᠨ ᠪᠣᠭᠤᠮᠲᠠ 2014 ᠣᠨ ᠳᠤ ᠭᠠᠳᠠᠭᠠᠳᠤ ᠨᠡᠭᠡᠭᠡᠯᠲᠡ ᠬᠢᠭᠰᠡᠨ ᠠᠴᠠ ᠨᠠᠭᠠᠰᠢᠬᠢ ᠲᠡᠦᠬᠡ ᠶᠢᠨ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ︾ ᠬᠡᠵᠤ ᠷᠠᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠶᠡᠷᠢᠨ᠎ᠠ᠃ ᠷᠠᠰᠢᠶᠠᠨ ᠬᠢᠯᠢ ᠶᠢᠨ ᠪᠣᠭᠤᠮᠲᠠ ᠠᠴᠠ ᠬᠢᠯᠢ ᠠᠯᠤᠰᠯᠠᠭᠰᠠᠨ ᠵᠢᠭᠤᠯᠴᠢᠯᠠᠯ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠬᠢᠯᠢ ᠶᠢᠨ ᠠᠷᠠᠯᠵᠢᠶ᠎ᠠ ︽ᠭᠤᠷᠪᠠ ᠶᠢ ᠨᠢᠭᠡ ᠴᠤᠬᠴᠠᠵᠢᠭᠤᠯᠤᠬᠰᠠᠨ︾ ᠪᠣᠭᠤᠮᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠡᠨᠡ ᠵᠢᠯ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠬᠦ᠂ ᠪᠣᠭᠤᠮᠲᠠ ᠶᠢᠨ ᠬᠢᠯᠢ ᠶᠢᠨ ᠬᠠᠮᠠᠭᠠᠯᠠᠯᠲᠠ ᠶᠢᠨ ᠴᠠᠭᠳᠠᠨ ᠲᠣᠭᠤᠷᠢᠬᠤ ᠵᠠᠮ᠂ ᠤᠶᠤᠨᠴᠢ ᠪᠣᠭᠤᠮᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ᠂ ᠪᠠᠷᠠᠭᠠᠨ ᠤ ᠲᠡᠭᠡᠭᠡᠪᠦᠷᠢ ᠶᠢᠨ ᠲᠤᠰᠬᠠᠶ ᠨᠡᠪᠲᠡᠷᠡᠬᠦ ᠵᠠᠮ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ ᠬᠢᠪᠡ᠃ ᠡᠭᠦᠨ ᠤ ᠬᠠᠮᠲᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠲᠦᠷᠭᠡᠳᠭᠡᠨ ᠠᠬᠢᠭᠤᠯᠵᠤ᠂ ᠵᠠᠬ᠎ᠠ ᠶᠢᠨ ᠠᠷᠠᠯᠵᠢᠶᠠᠨ ᠤ ᠲᠣᠭᠤᠷᠢᠭ᠂ ᠵᠠᠬ᠎ᠠ ᠶᠢᠨ ᠠᠷᠠᠯᠵᠢᠶᠠᠨ ᠤ ᠰᠠᠭᠤᠷᠢᠰᠢᠭᠤᠯᠤᠨ ᠡᠳ᠋ᠰᠢᠬᠦᠯᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠵᠤ᠂ ᠪᠥᠬᠦ ᠤᠯᠤᠰ ᠤᠨ ᠭᠠᠳᠠᠭᠠᠳᠤ ᠠᠴᠠ ᠣᠷᠣᠭᠤᠯᠤᠭᠰᠠᠨ ᠢᠮᠠᠭᠠᠨ ᠨᠤᠤᠯᠤᠭᠤᠷ ᠢ ᠰᠠᠭᠤᠷᠢᠰᠢᠭᠤᠯᠤᠨ ᠡᠳ᠋ᠰᠢᠭᠦᠯᠬᠦ ᠬᠠᠮᠤᠭ ᠤᠨ ᠲᠣᠮᠣ ᠪᠦᠯᠦᠭᠯᠡᠯ ᠢ ᠬᠦᠴᠦᠯᠡᠨ ᠪᠠᠶᠢᠭᠤᠯᠵᠤ᠂ ᠬᠢᠯᠢ ᠶᠢᠨ ᠠᠷᠠᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠢ ᠬᠥᠭᠵᠢᠭᠦᠯᠬᠦ ᠢᠢ ᠨᠠᠩ ᠰᠠᠶᠢᠲᠤᠷ ᠳᠠᠶᠢᠴᠢᠯᠠᠵᠤ᠂ ᠮᠠᠨ ᠤ ᠤᠷᠤᠨ ᠤ ᠥᠪᠡᠷᠮᠢᠴᠡ ᠣᠨᠴᠠᠯᠢᠭ ᠲᠠᠢ ᠠᠮᠢ ᠠᠬᠤᠶ ᠶᠢᠨ ᠬᠢᠯᠢ ᠶᠢᠨ ᠪᠣᠭᠤᠮᠲᠠ ᠪᠠ ᠮᠣᠩᠭᠤᠯ ᠤᠯᠤᠰ ᠲᠤ ᠨᠡᠭᠡᠭᠡᠯᠲᠡ ᠬᠢᠵᠦ ᠬᠠᠮᠲᠤᠷᠠᠯᠴᠠᠬᠤ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠢ ᠬᠦᠴᠦᠯᠡᠨ ᠪᠠᠶᠢᠭᠤᠯᠪᠠ᠃ ︵ᠭᠤᠤ ᠬᠤᠩ ᠯᠢᠶᠠᠨ︶   
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号