ᠰᠦᠬᠡ ᠤᠯᠤᠰ ᠤᠨ ᠴᠠᠬᠢᠯᠭᠠᠨ ᠲᠤᠤᠷ ᠤᠨ ᠦᠪᠦᠷ ᠮᠤᠩᠭᠤᠯ ᠤᠨ ᠵᠡᠬᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠨᠠᠮ ᠤᠨ ᠬᠤᠷᠢᠶᠠᠨ ᠤ ᠱᠦᠵᠢ ᠮᠤᠤ ᠭᠤᠸᠠᠩ ᠬᠤᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/5/23
         5 ᠰᠠᠷ᠎ᠠ ᠶᠢᠨ 16 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠭᠡ ᠤᠯᠤᠰ ᠤᠨ ᠴᠠᠬᠢᠯᠭᠠᠨ ᠲᠤᠤᠷ ᠤᠨ ᠦᠪᠦᠷ ᠮᠤᠩᠭᠤᠯ ᠤᠨ ᠵᠡᠬᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠮᠤᠤ ᠭᠤᠸᠠᠩ ᠬᠤᠢ ᠨᠠᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠴᠠᠬᠢᠯᠭᠠᠨ ᠲᠣᠣᠷ ᠤᠨ ᠪᠦᠲᠦᠴᠡ ᠶᠢ ᠰᠢᠯᠢᠳᠡᠭᠵᠢᠭᠦᠯᠬᠦ᠂ ᠴᠠᠬᠢᠯᠭᠠᠨ ᠬᠠᠩᠭᠠᠬᠤ ᠴᠢᠳᠠᠪᠤᠷᠢ ᠶᠢ ᠲᠡᠭᠡᠭᠰᠢᠯᠡᠭᠦᠯᠬᠦ ᠵᠢᠴᠢ ᠰᠢᠨ᠎ᠡ ᠡᠨᠧᠷᠭᠢ ᠶᠢ ᠭᠠᠳᠠᠭᠰᠢ ᠬᠦᠷᠭᠡᠬᠦ ᠲᠤᠤᠷ ᠱᠤᠭᠤᠮ ᠤᠨ ᠪᠦᠳᠦᠭᠡᠨ ᠪᠠᠶᠢᠭᠤᠯᠤᠯᠲᠠ᠂ ᠰᠢᠨ᠎ᠡ ᠡᠨᠧᠷᠭᠢ ᠶᠢᠨ ᠲᠦᠷᠦᠯ ᠵᠦᠢᠯ ᠢ ᠴᠠᠬᠢᠯᠭᠠᠨ ᠲᠣᠣᠷ ᠲᠤ ᠵᠠᠯᠭᠠᠬᠤ᠂ ᠨᠡᠮᠡᠭᠳᠡᠯ ᠴᠠᠬᠢᠯᠭᠠᠨ ᠲᠣᠣᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠤᠴᠢᠷ ᠶᠠᠪᠤᠳᠠᠯ ᠤᠨ ᠲᠤᠬᠠᠢ ᠭᠦᠨᠵᠡᠭᠡᠢ ᠰᠣᠯᠢᠯᠴᠠᠵᠤ᠂ ᠬᠠᠮᠲᠤ ᠶᠢᠨ ᠲᠠᠨᠢᠯᠲᠠ ᠲᠠᠢ ᠪᠣᠯᠵᠠᠢ᠃ ᠰᠦᠬᠡ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢ ᠲᠥᠯᠥᠭᠡᠯᠡᠨ ᠤᠯᠤᠰ ᠤᠨ ᠴᠠᠬᠢᠯᠭᠠᠨ ᠲᠣᠣᠷ ᠤᠨ ᠥᠪᠥᠷ ᠮᠣᠩᠭᠤᠯ ᠤᠨ ᠵᠡᠭᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ ᠺᠣᠮᠫᠠᠨᠢ ᠶᠢᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠬᠥᠭᠵᠢᠯᠲᠡ ᠳᠤ ᠦᠵᠡᠭᠦᠯᠦᠭᠰᠡᠨ ᠬᠠᠪᠰᠤᠷᠤᠯᠭ᠎ᠠ ᠳᠡᠮᠵᠢᠯᠭᠡ ᠳᠤ ᠲᠠᠯᠠᠷᠬᠠᠵᠦ ᠪᠠᠶᠢᠬᠤ ᠪᠠᠨ ᠢᠯᠡᠳᠭᠡᠪᠡ ᠃ ᠲᠡᠷᠡ ᠭᠡᠯᠡᠭᠰᠡᠨ ᠨᠢ᠂ ᠴᠠᠬᠢᠯᠭᠠᠨ ᠬᠦᠴᠦ ᠪᠣᠯ ᠠᠵᠤ ᠠᠬᠤᠶ ᠶᠢᠨ ᠬᠥᠭᠵᠢᠯᠲᠡ ᠶᠢ ᠬᠡᠮᠵᠢᠬᠦ ᠴᠢᠬᠤᠯᠠ ᠭᠦᠢᠴᠡᠳᠭᠡᠯ ᠲᠤᠭ᠎ᠠ ᠮᠥᠨ᠃     ᠣᠳᠣᠬᠠᠨ ᠳᠤ᠂ ᠪᠢᠳᠡ ᠶᠠᠭ ᠪᠥᠬᠦ ᠣᠷᠣᠨ ᠤ ᠠᠵᠤ ᠠᠬᠤᠶ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦ᠋ᠷᠭᠡᠳᠭᠡᠨ ᠪᠠᠶᠢᠭᠤᠯᠵᠤ᠂ ᠰᠠᠯᠬᠢᠨ ᠬᠦᠴᠦᠨ ᠤ ᠴᠠᠬᠢᠯᠭᠠᠨ᠂ ᠬᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠵᠡᠷᠭᠡ ᠳᠠᠬᠢᠨ ᠡᠭᠦᠳᠴᠥ ᠪᠣᠯᠬᠤ ᠡᠨᠧᠷᠭᠢ ᠶᠢᠨ ᠰᠤᠷᠪᠤᠯᠵᠢ ᠪᠠ ᠴᠡᠪᠡᠷ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ ᠪᠠᠶᠢᠨ᠎ᠠ᠃ ᠪᠢᠳᠡ ︽ᠠᠰᠠᠭᠤᠳᠠᠯ ᠢ ᠰᠶᠢᠳᠪᠦᠷᠢᠯᠡᠵᠦ ᠲᠡᠶᠢᠯᠬᠦ ᠰᠡᠳᠭᠢᠬᠦᠢ︾ ᠶᠢ ᠪᠤᠢ ᠪᠣᠯᠭᠠᠵᠤ᠂ ᠤᠯᠤᠰ ᠤᠨ ᠴᠠᠬᠢᠯᠭᠠᠨ ᠲᠤᠤᠷ ᠤᠨ ᠦᠪᠦᠷ ᠮᠤᠩᠭᠤᠯ ᠤᠨ ᠵᠡᠬᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ ᠺᠤᠮᠫᠠᠨᠢ ᠲᠠᠢ ᠤᠯᠤᠯᠴᠠᠭ᠎ᠠ ᠬᠠᠮᠵᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠬᠤᠶᠠᠷ ᠲᠠᠯ᠎ᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠨᠤᠲᠤᠭ ᠤᠨ ᠴᠠᠬᠢᠯᠭᠠᠨ ᠬᠦᠴᠦᠨ ᠤ ᠳᠡᠮᠵᠢᠯᠭᠡ ᠪᠠ ᠪᠠᠲᠤᠯᠠᠭ᠎ᠠ ᠬᠠᠩᠭᠠᠬᠤ ᠡᠷᠴᠢᠮ ᠢᠶᠠᠨ ᠴᠢᠩᠭᠠᠷᠠᠭᠤᠯᠵᠦ᠂ ᠣᠷᠣᠨ ᠨᠤᠲᠤᠭ ᠤᠨ ᠠᠵᠤ ᠠᠬᠤᠶᠢᠯᠠᠯ ᠤᠨ ᠬᠠᠮᠲᠤᠪᠠᠷ ᠬᠥᠭᠵᠢᠬᠦ᠂ ᠬᠠᠮᠲᠤᠪᠠᠷ ᠠᠰᠢᠭ ᠬᠦᠷᠳᠡᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠪᠡ᠃     ᠮᠤᠤ ᠭᠤᠸᠠᠩ ᠬᠤᠢ ᠬᠢᠩᠭᠠᠨ ᠤ ᠴᠠᠬᠢᠯᠭᠠᠨ ᠲᠣᠣᠷ ᠤᠨ ᠲᠤᠬᠠᠶᠢᠯᠠᠭᠰᠠᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠶᠢᠷ᠎ᠠ ᠶᠢᠨ ᠵᠢᠯ ᠤᠳ ᠲᠤ᠂ ᠬᠢᠩᠭᠠᠨ ᠠᠶᠢᠮᠠᠭ ᠤᠨ ᠠᠵᠤ ᠠᠬᠤᠶ ᠶᠢᠨ ᠬᠥᠭᠵᠢᠯᠲᠡ ᠶᠢᠨ ᠬᠠᠨᠳᠤᠰᠢ ᠰᠠᠶᠢᠨ᠂ ᠴᠠᠬᠢᠯᠭᠠᠨ ᠬᠡᠷᠡᠭᠯᠡᠬᠦ ᠬᠡᠷᠡᠭᠴᠡᠭᠡ ᠶᠡᠭᠡ᠂ ᠺᠣᠮᠫᠠᠨᠢ ᠠᠴᠠ ᠴᠠᠬᠢᠯᠭᠠᠨ ᠲᠣᠣᠷ ᠤᠨ ᠠᠵᠤ ᠠᠬᠤᠶᠢᠯᠠᠯ ᠤᠨ ᠡᠭᠦᠷᠭᠡ ᠬᠠᠷᠢᠭᠤᠴᠠᠯᠭ᠎ᠠ ᠶᠢ ᠦᠷᠭᠦᠯᠵᠢᠯᠡᠨ ᠪᠠᠲᠤ ᠡᠭᠦᠷᠭᠡᠯᠡᠵᠦ᠂ ᠡᠨᠧᠷᠭᠢ ᠴᠠᠬᠢᠯᠭᠠᠨ ᠬᠦᠴᠦᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠠᠵᠤ ᠠᠬᠤᠶᠢᠯᠠᠯ᠂ ᠤᠯᠠᠨ ᠲᠦᠮᠡᠨ ᠤ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠢᠯᠭᠠᠨ ᠲᠣᠣᠷ ᠤᠨ ᠰᠠᠭᠤᠷᠢ ᠲᠥᠬᠦᠭᠡᠷᠦᠮᠵᠢ ᠶᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ ᠳᠠᠮᠵᠢᠭᠤᠯᠭ᠎ᠠ ᠶᠢᠨ ᠲᠤᠤᠷ ᠱᠤᠭᠤᠮ ᠢ ᠲᠦᠷᠭᠡᠨ ᠪᠠᠶᠢᠭᠤᠯᠵᠤ᠂ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠴᠠᠬᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠢᠩᠭᠠᠨ ᠠᠶᠢᠮᠠᠭ ᠤᠨ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠳᠤ ᠨᠡᠩ ᠰᠠᠶᠢᠨ ᠬᠦᠴᠦᠲᠡᠢ ᠲᠤᠯᠭᠠᠭᠤᠷᠢᠯᠠᠯ ᠬᠠᠩᠭᠠᠨ᠎ᠠ ᠭᠡᠪᠡ᠃ ᠠᠶᠢᠮᠠᠭ ᠤᠨ ᠤᠳᠤᠷᠢᠳᠤᠯᠭ᠎ᠠ ᠯᠢᠶᠠᠨ ᠳ᠋ᠦᠩ ᠵᠢᠴᠢ ᠤᠯᠤᠰ ᠤᠨ ᠴᠠᠬᠢᠯᠭᠠᠨ ᠲᠤᠤᠷ ᠤᠨ ᠦᠪᠦᠷ ᠮᠤᠩᠭᠤᠯ ᠤᠨ ᠵᠡᠬᠦᠨ ᠬᠡᠰᠡᠭ ᠲᠠᠬᠢ ᠴᠠᠬᠢᠯᠭᠠᠨ ᠬᠦᠴᠦᠨ ᠤ ᠬᠢᠵᠠᠭᠠᠷᠳᠦ ᠺᠤᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠤᠷᠤᠯᠴᠠᠪᠠ᠃ ︵ᠸᠧᠨ ᠡᠤ︶    
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号