ᠷᠠᠰᠢᠶᠠᠨ ᠤ ᠲᠦᠷᠪᠡᠨ ᠤᠯᠠᠷᠢᠯ ᠤᠨ ᠵᠢᠭᠤᠯᠴᠢᠯᠠᠯ
ᠨᠡᠶᠢᠲᠡᠯᠡᠭᠰᠡᠨ ᠴᠠᠭ᠄
2025/5/29
                                ᠴᠤᠯᠮᠤᠨ    ︽ᠬᠤᠷᠴᠠ ᠤᠯᠠᠭᠠᠨ ᠴᠡᠴᠡᠭ ᠰᠤᠨᠢᠷᠬᠠᠨ᠂ ᠰᠡᠷᠢᠬᠦᠨ ᠲᠠᠭᠠᠯᠠᠮᠵᠢᠳᠠᠢ ᠤᠷᠴᠢᠨ ᠢ ᠪᠡᠶᠡᠳᠠᠨ ᠤᠶᠢᠯᠠᠭᠠᠵᠤ᠂ ᠤᠢ ᠰᠢᠭᠤᠢ ᠪᠠᠷ ᠵᠢᠭᠤᠯᠴᠢᠯᠠᠨ᠂ ᠮᠦᠰᠤ ᠴᠠᠰᠤᠨ ᠤ ᠦᠵᠡᠮᠵᠢ ᠶᠢ ᠲᠤᠭᠤᠷᠢᠨ ᠦᠵᠡᠬᠦ︾ ᠭᠡᠬᠦ ᠮᠡᠳᠤ ᠪᠠᠷ ᠤᠶᠢᠷ ᠎ᠠ ᠶᠢᠨ ᠵᠢᠯ ᠠᠴᠠ ᠷᠠᠰᠢᠶᠠᠨ ᠬᠤᠳᠠ ᠲᠦᠷᠪᠡᠨ ᠤᠯᠠᠷᠢᠯ ᠤᠨ ᠵᠢᠭᠤᠯᠴᠢᠯᠠᠯ ᠢ ᠬᠦᠴᠤᠯᠡᠨ ᠬᠦᠭᠵᠢᠬᠦᠯᠵᠤ᠂ ᠠᠳᠠᠯᠢ ᠪᠤᠰᠤ ᠤᠯᠠᠷᠢᠯ ᠤᠨ ᠤᠨᠴᠠᠯᠢᠭᠳᠤ ᠦᠵᠡᠮᠵᠢ ᠪᠠᠷ ᠢᠶᠠᠨ ᠬᠤᠯ᠎ᠠ ᠤᠶᠢᠷ᠎ᠠ ᠶᠢᠨ ᠵᠢᠭᠤᠯᠴᠢᠯᠠᠭᠰᠠᠳ ᠢ ᠲᠠᠳᠠᠨ ᠠᠪᠴᠢᠷᠠᠨ᠎ᠠ᠃ 4 ᠰᠠᠷ᠎ᠠ ᠶᠢᠨ 1 ᠤ ᠡᠳᠤᠷ ᠤᠨ 9 ᠴᠠᠭ 30 ᠮᠢᠨᠥ᠋ᠲ ᠲᠤ᠂ ᠪᠡᠭᠡᠵᠢᠩ ᠬᠤᠳᠠ ᠶᠢᠨ ᠵᠠᠭᠤ ᠭᠠᠷᠤᠢ ᠵᠢᠭᠤᠯᠴᠢᠯᠠᠭᠴᠢ ᠷᠠᠰᠢᠶᠠᠨ ᠬᠤᠳᠠ ᠶᠢᠨ ᠵᠢᠭᠤᠯᠴᠢᠯᠠᠯ ᠢ ᠪᠡᠶᠡᠳᠠᠨ ᠤᠶᠢᠯᠠᠭᠠᠬᠤ ᠪᠠᠷ ᠢᠷᠡᠵᠤ᠂ ᠡᠨᠡ ᠨᠢ ᠪᠠᠰᠠ ᠪᠡᠭᠡᠵᠢᠩ ᠠᠴᠠ ᠷᠠᠰᠢᠶᠠᠨ ᠳᠤ ᠬᠦᠷᠬᠦ ᠠᠭᠠᠷ ᠤᠨ ᠠᠶᠠᠯᠠᠯ ᠵᠢᠩᠬᠢᠨᠢ ᠪᠠᠷ ᠨᠡᠪᠳᠡᠷᠡᠭᠰᠡᠨ ᠢ ᠬᠠᠷᠠᠭᠤᠯᠵᠠᠢ᠃ 2024 ᠣᠨ ᠳᠤ᠂ ᠷᠠᠰᠢᠶᠡᠨ ᠬᠤᠳᠠ ᠳᠤ ᠢᠷᠡᠭᠰᠡᠨ ᠵᠢᠭᠤᠯᠴᠢᠯᠠᠭᠰᠠᠳ ᠤᠨ ᠳᠤᠭ᠎ᠠ 576.6 ᠲᠦᠮᠡ ︵ᠬᠦᠮᠤᠨ ᠤᠳᠠᠭ᠎ᠠ︶ ᠳᠤ ᠬᠦᠷᠦᠭᠰᠡᠨ ᠰᠢᠨ᠎ᠠ ᠲᠡᠮᠳᠡᠭᠯᠡᠯ ᠢ ᠡᠬᠦᠳᠴᠤ ᠦᠡᠭᠭᠡᠷᠡᠬᠰᠡᠨ ᠪᠢᠯ᠎ᠡ᠃ ᠵᠢᠭᠤᠯᠴᠢᠯᠠᠯ ᠤᠨ ᠬᠠᠯᠠᠮᠰᠢᠯ ᠤᠷᠤᠨ ᠪᠤᠯᠤᠭᠰᠠᠨ ᠨᠢ ᠦᠵᠡᠰᠬᠦᠯᠡᠩᠳᠤ ᠰᠠᠶᠢᠬᠠᠨ ᠷᠢᠳᠢ ᠰᠢᠳᠢᠳᠤ ᠦᠵᠡᠮᠵᠢ ᠲᠠᠢ ᠠᠴᠠ ᠭᠠᠳᠠᠨ᠎ᠠ ︽ᠠᠮᠢ ᠠᠬᠤᠢ ᠪᠠᠷ ᠬᠤᠳᠠ ᠪᠠᠨ ᠴᠤᠭᠴᠠᠯᠠᠨ᠂ ᠵᠢᠭᠤᠯᠴᠢᠯᠠᠯ ᠢᠶᠠᠷ ᠬᠤᠳᠠ ᠪᠠᠨ ᠬᠦᠴᠤᠷᠬᠡᠭᠵᠢᠬᠦᠯᠬᠦ︾ ᠪᠠᠷ ᠬᠠᠷᠠᠯᠳᠠ ᠪᠠᠨ ᠪᠤᠯᠭᠠᠭᠰᠠᠨ ᠳᠤ ᠪᠤᠢ᠃ ᠤᠨᠴᠠᠯᠢᠭᠳᠤ ᠪᠠᠶᠢᠷᠢᠰᠢᠯ ᠤᠨ ᠲᠠᠪᠠᠭᠤᠯᠢᠭ ᠡᠬᠢ ᠪᠠᠶᠠᠯᠢᠭ ᠲᠠᠭᠠᠨ ᠲᠦᠰᠢᠭᠯᠡᠨ᠂ 2024 — 2025 ᠤᠨ ᠤ ᠮᠦᠰᠤ ᠴᠠᠰᠤᠨ ᠤ ᠤᠯᠠᠷᠢᠯ ᠳᠤ ᠠᠷᠪᠠᠨ ᠶᠡᠭᠡ ᠡᠪᠤᠯ ᠤᠨ ᠤᠯᠠᠷᠢᠯ ᠤᠨ ᠭᠤᠤᠯᠯᠠᠭᠴᠢ ᠵᠢᠭᠤᠯᠴᠢᠯᠠᠯ ᠤᠨ ᠦᠢᠯᠡᠳᠬᠦᠨ᠂ ᠲᠦᠷᠪᠡᠨ ᠵᠤᠷᠪᠤᠰ ᠭᠤᠤᠯ ᠰᠡᠳᠤᠪᠳᠤ ᠵᠢᠭᠤᠯᠴᠢᠯᠠᠯ ᠤᠨ ᠱᠤᠭᠤᠮ ᠵᠢᠴᠢ ᠠᠷᠪᠠ ᠭᠠᠷᠤᠢ ᠲᠦᠷᠤᠯ ᠤᠨ ᠤᠷᠤᠯᠳᠤᠭᠠᠨ ᠢ ᠲᠤᠬᠢᠷᠠᠭᠤᠯᠵᠤ᠂ ᠡᠯ᠎ᠠ ᠭᠠᠵᠠᠷ ᠤᠨ ᠵᠢᠭᠤᠯᠴᠢᠯᠠᠭᠰᠠᠳ ᠨᠠᠭᠠᠳᠤᠮ ᠤᠷᠤᠯᠳᠤᠭᠠᠨ ᠢ ᠰᠤᠨᠢᠷᠬᠠᠬᠤ᠂ ᠤᠶᠠᠩᠭᠠᠳᠤ ᠰᠠᠶᠢᠬᠠᠨ ᠲᠠᠭᠤᠥ ᠪᠦᠵᠢᠭ ᠰᠤᠨᠢᠷᠬᠠᠬᠤ᠂ ᠮᠦᠰᠤ ᠴᠠᠰᠤ ᠰᠤᠨᠢᠷᠬᠠᠬᠤ ᠂ ᠮᠦᠰᠤ ᠴᠠᠰᠤᠨ ᠳᠤ ᠨᠠᠭᠠᠳᠬᠤ᠂ ᠬᠠᠯᠠᠭᠤᠨ ᠷᠠᠰᠢᠶᠠᠨ ᠳᠤ ᠪᠡᠶ᠎ᠠ ᠪᠠᠨ ᠰᠤᠪᠢᠯᠠᠬᠤ ᠵᠡᠷᠭᠡ ᠪᠠᠷ ᠷᠠᠰᠢᠶᠠᠨ ᠤ ᠡᠪᠤᠯ ᠤᠨ ᠤᠯᠠᠷᠢᠯ ᠤᠨ ᠵᠢᠭᠤᠯᠴᠢᠯᠠᠯ ᠢ ᠤᠯᠠᠮ ᠬᠦᠭᠵᠢᠶᠡᠨᠳᠠᠢ ᠪᠤᠯᠭᠠᠬᠰᠠᠨ ᠪᠠᠶᠢᠨ᠎ᠠ᠃ ᠤᠷᠴᠢᠮ ᠤᠨ ᠬᠡᠳᠤᠨ ᠵᠢᠯ ᠳᠤ᠂ ᠷᠠᠰᠢᠶᠠᠨ ᠬᠤᠳᠠ ᠲᠤᠳᠠᠭᠤᠳᠠᠯ ᠢᠶᠠᠨ ᠨᠦᠬᠦᠪᠤᠷᠢᠯᠡᠬᠦ᠂ ᠠᠵᠤ ᠦᠢᠯᠡᠰ ᠢᠶᠠᠨ ᠬᠦᠭᠵᠢᠭᠦᠯᠬᠦ᠂ ᠬᠡᠷᠡᠭᠯᠡᠭᠡ ᠶᠢ ᠠᠬᠢᠭᠤᠯᠬᠤ ᠲᠤᠭᠤᠷᠢᠨ ᠳᠤ ᠵᠢᠭᠤᠯᠴᠢᠯᠠᠯ ᠤᠨ ᠦᠢᠯᠡᠳᠬᠦᠨ ᠤ ᠰᠢᠰᠲᠤᠮ ᠢᠶᠠᠨ ᠲᠠᠰᠤᠷᠠᠯᠳᠠ ᠦᠭᠡᠢ ᠪᠠᠶᠠᠯᠢᠭᠵᠢᠭᠤᠯᠪᠠ᠃ ᠦᠩᠭᠡᠷᠡᠭᠰᠡᠨ ᠵᠢᠯ ᠳᠤ᠂ ᠷᠠᠰᠢᠶᠠᠨ ᠬᠤᠳᠠ 17.72 ᠳ᠋ᠥᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠤᠨ 12 ᠵᠢᠭᠤᠯᠴᠢᠯᠠᠯ ᠤᠨ ᠲᠦᠷᠤᠯ ᠵᠦᠢᠯ ᠢ ᠬᠡᠷᠡᠭᠵᠢᠬᠦᠯᠵᠤ᠂ ᠵᠢᠭᠤᠯᠴᠢᠯᠠᠯ ᠤᠨ ᠠᠵᠤ ᠦᠢᠯᠡᠰ ᠢᠶᠠᠨ ᠤᠯᠠᠮ ᠨᠢᠭᠡ ᠠᠯᠬᠤᠮ ᠲᠡᠰ ᠲᠡᠪᠰᠢᠬᠦᠯᠥᠭᠰᠡᠨ ᠪᠠᠶᠢᠨ᠎ᠠ᠃ 2024 ᠣᠨ ᠳᠤ᠂ ᠪᠦᠬᠦ ᠤᠷᠤᠨ ᠤ ᠠᠩᠬᠠᠳᠠᠭᠴᠢ ᠤᠯᠤᠰ ᠤᠨ ᠲᠡᠰ ᠤᠨ ᠵᠢᠭᠤᠯᠴᠢᠯᠠᠨ ᠰᠡᠯᠡᠬᠦᠴᠡᠨ ᠠᠮᠠᠷᠠᠬᠤ ᠤᠷᠤᠨ ᠢ ᠠᠮᠵᠢᠯᠳᠠ ᠲᠠᠢ ᠡᠬᠦᠳᠤᠨ ᠪᠠᠶᠢᠭᠤᠯᠵᠤ᠂ 73.66 ᠳ᠋ᠦᠩᠰᠢᠭᠤᠷ ᠲᠦᠬᠦᠷᠢᠭ ᠤᠨ ᠵᠢᠭᠤᠯᠴᠢᠯᠠᠯ ᠤᠨ ᠤᠷᠤᠯᠭ᠎ᠠ ᠶᠢ ᠡᠬᠦᠳᠴᠤ᠂ 2014 ᠣᠨ ᠤ ᠬᠢ ᠲᠠᠢ ᠠᠳᠠᠯᠢᠳᠬᠠᠪᠠᠯ ᠲᠤᠰᠪᠦᠷᠢ 191.42%᠂ 183.42% ᠪᠠᠷ ᠨᠡᠮᠡᠭᠳᠡᠨ᠂ ᠵᠢᠭᠤᠯᠴᠢᠯᠠᠯ ︽ᠨᠡᠩ ᠬᠦᠭᠵᠢᠶᠡᠨᠳᠠᠢ ᠪᠤᠯᠬᠤ︾ ᠰᠢᠨ᠎ᠠ ᠬᠠᠭᠤᠳᠠᠰᠤ ᠶᠢ ᠠᠮᠵᠢᠯᠳᠠ ᠲᠠᠢ ᠪᠢᠴᠢᠭᠯᠡᠵᠡᠢ᠃ 2025 ᠣᠨ ᠳᠤ᠂ ᠷᠠᠰᠢᠶᠠᠨ ᠬᠤᠳᠠ 500 ᠲᠦᠮᠡᠨ ᠲᠦᠬᠦᠷᠢᠭ ᠠᠴᠠ ᠲᠡᠭᠡᠭᠰᠢ 64 ᠭᠤᠤᠯᠳᠠᠯᠭ᠎ᠠ ᠲᠠᠢ ᠲᠦᠷᠤᠯ ᠵᠦᠢᠯ ᠢ ᠬᠡᠷᠡᠭᠵᠢᠬᠦᠯᠬᠦ ᠪᠠᠷ ᠲᠦᠯᠤᠪᠯᠡᠵᠤ᠂ ᠶᠡᠷᠤᠩᠬᠡᠢ ᠪᠡᠯᠡ ᠤᠷᠤᠭᠤᠯᠤᠯᠳᠠ ᠨᠢ 76.1 ᠳ᠋ᠥᠩᠰᠢᠭᠤᠷ ᠲᠦᠬᠦᠷᠢᠭ ᠲᠤ ᠬᠦᠷᠤᠨ᠎ᠠ᠃ ᠡᠬᠦᠨ ᠳᠤ 17 ᠵᠢᠭᠤᠯᠴᠢᠯᠠᠯ ᠤᠨ ᠲᠦᠷᠤᠯ ᠵᠦᠢᠯ ᠤᠨ ᠶᠡᠷᠤᠩᠬᠡᠢ ᠪᠡᠯᠡ ᠤᠷᠤᠭᠤᠯᠤᠯᠳᠠ ᠨᠢ 21.8 ᠳ᠋ᠥᠩᠰᠢᠭᠤᠷ ᠲᠦᠬᠦᠷᠢᠭ ᠲᠤ ᠬᠦᠷᠴᠤ᠂ ᠡᠳᠡᠭᠡᠷ ᠵᠢᠭᠤᠯᠴᠢᠯᠠᠯ ᠤᠨ ᠲᠦᠷᠤᠯ ᠵᠦᠢᠯ ᠢᠶᠠᠷ ᠡᠯ᠎ᠠ ᠲᠦᠷᠤᠯ ᠤᠨ ᠡᠬᠢ ᠪᠠᠶᠠᠯᠢᠭ ᠤᠨ ᠡᠯᠤᠮᠤᠨ᠋ᠲ ᠢ ᠨᠡᠶᠢᠳᠭᠡᠨ᠂ ᠷᠠᠰᠢᠶᠠᠨ ᠬᠤᠳᠠ ᠶᠢᠨ ᠵᠢᠭᠤᠯᠴᠢᠯᠠᠯ ᠤᠨ ᠠᠵᠤ ᠦᠢᠯᠡᠰ ᠤᠨ ᠦᠷᠢᠰᠤᠯᠳᠤᠬᠦ ᠬᠦᠴᠤᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠤᠨ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠢᠳᠡᠪᠬᠢᠳᠠᠢ ᠡᠬᠦᠳᠴᠤ ᠪᠤᠢ᠃   
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号