ᠵᠢᠵᠢᠭ ᠯᠠᠵᠤᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/5/29
      ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠨᠠᠭᠤᠷ ᠰᠤᠮᠤ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨ ᠠᠭᠤᠳᠠᠯᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠳᠡᠯᠭᠡᠭᠦᠷ ᠪᠣᠯᠭᠠᠵᠤ᠂ ᠯᠠᠵᠤᠤ᠂ ᠪᠤᠷᠴᠠᠭ ᠵᠡᠷᠭᠡ ᠲᠠᠷᠢᠮᠠᠯ ᠲᠠᠷᠢᠬᠤ ᠪᠠᠷ ᠳᠠᠮᠵᠢᠭᠤᠯᠤᠨ᠂ ᠬᠦᠷᠢᠶ᠎ᠡ ᠬᠠᠰᠢᠶ᠎ᠠ ᠶᠢᠨ ᠰᠤᠯᠠ ᠪᠠᠶᠢᠭ᠎ᠠ ᠡᠬᠢ ᠪᠠᠶᠠᠯᠢᠭ ᠢ ᠠᠮᠢᠯᠠᠭᠤᠯᠵᠤ᠂ ᠥᠩᠭᠡᠷᠡᠭᠰᠡᠨ ᠳᠤ ᠰᠤᠯᠠ ᠪᠠᠶᠢᠭ᠎ᠠ ᠲᠠᠷᠢᠶᠠᠴᠢᠨ ᠠᠶᠢᠯ ᠤᠨ ᠬᠦᠷᠢᠶ᠎ᠡ ᠬᠠᠰᠢᠶ᠎ᠠ ᠶᠠᠭ ᠡᠷᠪᠡᠬᠡᠢ ᠶᠢ ᠪᠠᠶᠠᠵᠢᠭᠤᠯᠵᠤ ︽ᠡᠷᠳᠡᠨᠢ ᠶᠢᠨ ᠰᠠᠪᠠ︾ ᠪᠣᠯᠭᠠᠨ ᠬᠤᠪᠢᠷᠠᠭᠤᠯᠵᠤ ᠪᠠᠶᠢᠨ᠎ᠠ᠃ ᠪᠠᠶᠠᠨᠨᠠᠭᠤᠷ ᠰᠤᠮᠤ ᠶᠢᠨ ᠬᠠᠮᠲᠤᠷᠠᠭᠰᠠᠨ ᠭᠠᠴᠠᠭ᠎ᠠ ᠳᠤ ᠬᠦᠷᠬᠦ ᠳᠤ᠂ ᠠᠶᠢᠯ ᠡᠷᠦᠬᠡ ᠪᠣᠯᠭᠠᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠲᠣᠰᠬᠤᠨ ᠤ ᠠᠷᠠᠳ ᠶᠠᠭ ᠠᠭᠤᠷ ᠠᠮᠢᠰᠬᠤᠯ ᠢ ᠠᠮᠵᠢᠨ ᠬᠦᠷᠢᠶᠡᠨ ᠳᠣᠲᠣᠷ᠎ᠠ ᠯᠠᠵᠤᠤ ᠶᠢᠨ ᠴᠢᠬᠢ ᠲᠠᠷᠢᠵᠤ᠂ ᠪᠦᠷᠬᠦᠬᠦ᠂ ᠨᠦᠬᠡ ᠴᠣᠬᠢᠬᠤ᠂ ᠴᠢᠬᠢ ᠵᠠᠶᠢᠯᠠᠬᠤ᠂ ᠤᠰᠤᠯᠠᠬᠤ ᠵᠡᠷᠭᠡ ᠪᠠᠷ ᠨᠣᠭᠤᠭᠠᠨ ᠯᠠᠵᠤᠤ ᠶᠢᠨ ᠴᠢᠬᠢ ᠰᠠᠯᠬᠢᠨ ᠤ ᠠᠶ᠎ᠠ ᠪᠠᠷ ᠰᠡᠬᠦ᠋ᠢᠨ ᠰᠦᠨᠳᠡᠷᠯᠡᠵᠦ᠂ ᠮᠠᠰᠢ ᠪᠠᠶᠠᠷᠯᠠᠭᠤᠰᠢᠲᠠᠢ ᠶᠠᠪᠤᠳᠠᠯ ᠪᠣᠯᠵᠠᠢ᠃ ︽ᠪᠢ ᠨᠢᠳᠤᠨᠤᠨ 2 ᠮᠦ ᠭᠠᠷᠤᠢ ᠯᠠᠵᠤᠤ ᠲᠠᠷᠢᠪᠠ᠂ 15000 ᠲᠥᠭᠦᠷᠢᠭ ᠤᠨ ᠣᠷᠣᠯᠭ᠎ᠠ ᠣᠯᠵᠤ᠂ ᠡᠨᠡ ᠵᠢᠯ 13 ᠮᠦ ᠲᠠᠷᠢᠵᠤ᠂ ᠣᠷᠣᠯᠭ᠎ᠠ ᠪᠠᠨ ᠨᠡᠮᠡᠭᠳᠡᠭᠦᠯᠬᠦ ᠰᠠᠨᠠᠭ᠎ᠠ ᠲᠠᠢ ᠪᠠᠶᠢᠨ᠎ᠠ︾ ᠭᠡᠵᠦ ᠬᠡᠯᠡᠪᠡ᠃ ᠪᠠᠶᠠᠨᠨᠠᠭᠤᠷ ᠰᠤᠮᠤ ᠭᠠᠴᠠᠭ᠎ᠠ ᠲᠣᠰᠬᠤᠨ ᠤ ᠠᠷᠠᠳ ᠵᠠᠩ ᠬᠤᠸᠠ ᠮᠢᠨ ᠲᠠᠢ ᠬᠠᠮᠲᠤᠷᠠᠨ ᠵᠠᠶᠢᠯᠠᠭᠰᠠᠨ ᠨᠢᠭᠡ ᠰᠠᠭᠤᠷᠢ ᠴᠢᠬᠢ ᠶᠢ ᠦᠵᠡᠭᠡᠳ ᠬᠦᠰᠡᠯ ᠳᠦᠭᠦᠷᠡᠩ ᠪᠠᠶᠢᠯ᠎ᠠ᠃ ᠪᠠᠶᠠᠨᠨᠠᠭᠤᠷ ᠰᠤᠮᠤ ᠭᠠᠴᠠᠭᠠᠨ ᠤ ᠯᠠᠵᠤᠤ ᠲᠠᠷᠢᠬᠤ ᠠᠵᠢᠯ ᠢ ᠨᠢᠭᠡᠨᠲᠡ ᠪᠦᠬᠦ ᠲᠣᠰᠬᠤᠨ ᠢᠶᠠᠷ ᠢᠶᠠᠨ 3 ᠵᠢᠯ ᠠᠬᠢᠭᠤᠯᠵᠤ᠂ ᠲᠠᠷᠢᠬᠤ ᠮᠡᠷᠭᠡᠵᠢᠯ ᠪᠣᠯᠪᠠᠰᠤᠷᠠᠩᠭᠤᠢ ᠪᠣᠯᠵᠣ᠂ ᠡᠨᠡ ᠵᠢᠯ 3000 ᠲᠡᠭᠰᠢ ᠳᠥᠷᠪᠡᠯᠵᠢᠨ ᠮᠧᠳ᠋ᠷ ᠤᠨ ᠯᠠᠵᠤᠤ ᠬᠠᠲᠠᠭᠠᠬᠤ ᠲᠠᠯᠠᠪᠠᠢ ᠶᠢ ᠰᠢᠨ᠎ᠡ ᠪᠠᠷ ᠪᠠᠶᠢᠭᠤᠯᠵᠤ᠂ ᠲᠣᠰᠬᠤᠨ ᠤ ᠠᠷᠠᠳ ᠤᠨ ᠥᠪᠡᠷ ᠤᠨ ᠬᠠᠳᠠᠭᠠᠬᠤ ᠲᠠᠯᠠᠪᠠᠢ ᠳᠤ ᠬᠤᠬᠢᠷᠠᠯ ᠤᠴᠠᠷᠠᠭᠤᠯᠬᠤ ᠠᠴᠠ ᠵᠠᠶᠢᠯᠠᠰᠬᠢᠪᠡ᠃ ᠭᠠᠴᠠᠭ᠎ᠠ ᠯᠤᠭ᠎ᠠ ᠬᠤᠯᠪᠣᠭᠠᠯᠠᠨ ᠲᠤᠤ ᠨᠠᠨ ᠬᠤᠲᠠ ᠶᠢᠨ ᠰᠢᠶᠠᠩ ᠯᠦᠩ ᠯᠠᠵᠤᠤ ᠶᠢᠨ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠮᠲᠤᠷᠠᠯᠴᠠᠵᠤ᠂ ᠺᠣᠮᠫᠠᠨᠢ ᠠᠴᠠ ᠡᠮᠦᠨ᠎ᠡ ᠬᠤᠭᠤᠴᠠᠭᠠᠨ ᠤ ᠯᠠᠵᠤᠤ ᠲᠠᠷᠢᠬᠤ ᠲᠣᠰᠬᠤᠨ ᠤ ᠠᠷᠠᠳ ᠯᠤᠭ᠎ᠠ ᠰᠠᠭᠤᠷᠢ ᠦᠨ᠎ᠡ ᠶᠢ ᠪᠠᠲᠤᠯᠠᠬᠤ ᠺᠢᠯᠣᠭ᠍ᠷᠠᠮ ᠪᠦᠷᠢ 8 ᠲᠥᠭᠦᠷᠢᠭ ᠤᠨ ᠬᠤᠳᠠᠯᠳᠤᠨ ᠠᠪᠬᠤ ᠬᠡᠯᠡᠯᠴᠡᠭᠡᠷ ᠲᠣᠭᠲᠠᠪᠠᠯ᠂ ᠵᠠᠬ᠎ᠠ ᠳᠡᠯᠭᠡᠭᠦᠷ ᠤᠨ ᠦᠨ᠎ᠡ ᠨᠢ ᠺᠢᠯᠣᠭ᠍ᠷᠠᠮ ᠪᠦᠷᠢ 8 ᠲᠥᠭᠦᠷᠢᠭ ᠥᠨᠳᠥᠷ ᠪᠠᠶᠢᠪᠠᠯ᠂ ᠵᠠᠬ᠎ᠠ ᠳᠡᠯᠭᠡᠭᠦᠷ ᠤᠨ ᠦᠨ᠎ᠡ ᠪᠠᠷ ᠬᠤᠷᠢᠶᠠᠨ ᠠᠪᠴᠤ᠂ ᠪᠦᠬᠦ᠋ᠢᠯᠡ ᠲᠠᠷᠢᠮᠠᠯ ᠤᠨ ᠶᠠᠪᠤᠴᠠ ᠳᠤ ᠺᠣᠮᠫᠠᠨᠢ ᠶᠢᠨ ᠮᠡᠷᠭᠡᠵᠢᠯ ᠤᠨ ᠠᠵᠢᠯᠲᠠᠳ ᠲᠤᠬᠠᠢ ᠶᠢᠨ ᠲᠠᠯᠠᠪᠤᠷ ᠲᠤ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠪᠦᠬᠦ ᠶᠠᠪᠤᠴᠠ ᠶᠢᠨ ᠦᠢᠯᠡᠴᠢᠯᠡᠭᠡ ᠪᠠᠷ ᠳᠠᠮᠵᠢᠭᠤᠯᠤᠨ ᠲᠣᠰᠬᠤᠨ ᠤ ᠠᠷᠠᠳ ᠤᠨ ᠣᠷᠣᠯᠭ᠎ᠠ ᠶᠢᠨ ᠨᠡᠮᠡᠭᠳᠡᠯ ᠢ ᠪᠠᠲᠤᠯᠠᠨ᠎ᠠ᠃ ︽ᠪᠢᠳᠡ ᠯᠠᠵᠤᠤ ᠶᠢᠨ ᠤᠷᠭᠤᠯᠲᠠ ᠶᠢᠨ ᠣᠨᠴᠠᠯᠢᠭ ᠢ ᠦᠨᠳᠦᠰᠦᠯᠡᠨ᠂ ᠭᠠᠵᠠᠷ ᠲᠡᠭᠰᠢᠯᠡᠨ ᠪᠣᠷᠳᠣᠭᠤᠷ ᠣᠷᠣᠭᠤᠯᠬᠤ᠂ ᠯᠠᠵᠤᠤ ᠲᠠᠷᠢᠬᠤ᠂ ᠯᠠᠵᠤᠤ ᠶᠢᠨ ᠰᠢᠮ᠎ᠡ ᠲᠡᠵᠢᠭᠡᠯ ᠤᠨ ᠤᠷᠭᠤᠯᠲᠠ ᠶᠢᠨ ᠬᠤᠭᠤᠴᠠᠭ᠎ᠠ᠂ ᠴᠡᠴᠡᠭᠯᠡᠵᠦ ᠵᠢᠮᠢᠰᠯᠡᠬᠦ ᠬᠤᠭᠤᠴᠠᠭᠠᠨ ᠳᠤ᠂ ᠪᠦᠬᠦ ᠶᠠᠪᠤᠴᠠ ᠳᠤ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠲᠣᠰᠬᠤᠨ ᠤ ᠠᠷᠠᠳ ᠤᠨ ᠣᠷᠣᠯᠭ᠎ᠠ ᠶᠢ ᠪᠠᠲᠤᠯᠠᠨ᠎ᠠ︾ ᠭᠡᠵᠦ ᠬᠡᠯᠡᠪᠡ᠃ ᠲᠤᠤ ᠨᠠᠨ ᠬᠤᠲᠠ ᠶᠢᠨ ᠱᠢᠶᠠᠩ ᠯᠦᠩ ᠬᠠᠯᠠᠭᠤᠨ ᠢᠳᠡᠭᠡᠨ ᠤ ᠪᠦᠲᠦᠭᠡᠭᠳᠡᠬᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠮᠡᠷᠭᠡᠵᠢᠯᠲᠡᠨ ᠸᠠᠩ ᠪᠢᠨ ᠬᠡᠯᠡᠪᠡ᠃ ᠲᠣᠰᠬᠤᠨ ᠤ ᠠᠷᠠᠳ ᠯᠠᠵᠤᠤ ᠲᠠᠷᠢᠬᠤ ᠶᠠᠪᠤᠴᠠ ᠳᠤ᠂ ᠪᠠᠶᠠᠨᠨᠠᠭᠤᠷ ᠰᠤᠮᠤ ᠶᠢᠨ ᠪᠤᠰᠤᠳ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠦᠷᠢᠯᠳᠦᠬᠦᠨ ᠴᠦ ᠬᠠᠮᠲᠤᠷᠠᠭᠰᠠᠨ ᠭᠠᠴᠠᠭ᠎ᠠ ᠳᠤ ᠬᠦᠷᠴᠦ᠂ ᠲᠤᠬᠠᠢ ᠶᠢᠨ ᠲᠠᠯᠠᠪᠠᠢ ᠳᠤ ᠯᠠᠵᠤᠤ ᠲᠠᠷᠢᠬᠤ ᠶᠢ ᠲᠣᠭᠤᠷᠢᠨ ᠦᠵᠡᠪᠡ᠃ ᠣᠶᠢᠯᠠᠭᠠᠭᠰᠠᠨ ᠢᠶᠠᠷ᠂ ᠣᠳᠣᠬᠠᠨ ᠳᠤ ᠡᠷᠭᠢᠨ ᠲᠣᠭᠤᠷᠢᠨ ᠤ 3 ᠭᠠᠴᠠᠭ᠎ᠠ ᠴᠤ ᠯᠠᠵᠤᠤ ᠲᠠᠷᠢᠵᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠶᠢ ᠠᠬᠢᠭᠤᠯᠵᠤ ᠪᠠᠶᠢᠨ᠎ᠠ᠃ ︽ᠡᠨᠡ ᠵᠢᠯ ᠮᠠᠨ ᠤ ᠭᠠᠴᠠᠭᠠᠨ ᠤ ᠭᠤᠷᠪᠠᠳᠤᠭᠠᠷ ᠵᠢᠯ ᠳᠤ ᠪᠦᠬᠦᠯᠢ ᠲᠣᠰᠬᠤᠨ ᠢᠶᠠᠷ ᠨᠢ ᠤᠯᠠᠭᠠᠨ ᠯᠠᠵᠤᠤ ᠲᠠᠷᠢᠬᠤ ᠶᠢ ᠠᠬᠢᠭᠤᠯᠵᠤ᠂ ᠨᠢᠳᠤᠨᠤᠨ 680 ᠮᠦ ᠲᠠᠷᠢᠵᠤ᠂ ᠣᠷᠣᠯᠭ᠎ᠠ ᠨᠢ 200 ᠲᠦᠮᠡᠨ ᠲᠥᠭᠦᠷᠢᠭ ᠲᠤ ᠬᠦᠷᠴᠦ᠂ ᠣᠷᠣᠯᠭ᠎ᠠ ᠨᠢ ᠨᠡᠯᠢᠶᠡᠳ ᠰᠠᠶᠢᠨ ᠪᠠᠶᠢᠪᠠ᠂ ᠡᠨᠡ ᠵᠢᠯ ᠲᠣᠰᠬᠤᠨ ᠤ ᠠᠷᠠᠳ ᠢᠯᠡᠭᠦᠬᠡᠨ ᠲᠠᠷᠢ᠊ ᠡᠶ᠎ᠡ ᠲᠠᠷᠢᠵᠤ᠂ ᠮᠠᠰᠢ ᠣᠯᠠᠨ ᠲᠣᠰᠬᠤᠨ ᠤ ᠠᠷᠠᠳ ᠲᠠᠷᠢᠶᠠᠨ ᠳᠤ ᠴᠤ ᠯᠠᠵᠤᠤ ᠲᠠᠷᠢᠪᠠ᠂ ᠡᠨᠡ ᠵᠢᠯ ᠤᠨ ᠯᠠᠵᠤᠤ ᠶᠢᠨ ᠲᠠᠷᠢᠮᠠᠯ ᠤᠨ ᠲᠠᠯᠠᠪᠠᠢ 1300 ᠭᠠᠷᠤᠢ ᠮᠦ᠂ ᠡᠷᠭᠢᠨ ᠲᠣᠭᠤᠷᠢᠨ ᠤ ᠭᠠᠴᠠᠭ᠎ᠠ ᠳᠤ ᠴᠤ ᠣᠷᠣᠵᠤ ᠢᠷᠡᠭᠰᠡᠨ︾ ᠪᠠᠶᠢᠨ᠎ᠠ ᠭᠡᠵᠤ ᠪᠠᠶᠠᠨᠨᠠᠭᠤᠷ ᠰᠤᠮᠤ ᠭᠠᠴᠠᠭᠠᠨ ᠤ ᠨᠠᠮ ᠤᠨ ᠡᠭᠦᠷ ᠤᠨ ᠱᠦᠵᠢ ᠭᠤᠤ ᠯᠢ ᠵᠢᠶᠦ᠋ᠨ ᠬᠡᠯᠡᠪᠡ᠃ 3 ᠵᠢᠯ ᠤᠨ ᠪᠦᠬᠦ᠋ᠢᠯᠡ ᠲᠣᠰᠬᠤᠨ ᠢ ᠲᠦᠯᠬᠢᠨ ᠠᠬᠢᠭᠤᠯᠵᠤ᠂ ᠪᠠᠶᠠᠨᠨᠠᠭᠤᠷ ᠰᠤᠮᠤ ᠬᠠᠮᠲᠤᠷᠠᠨ ᠭᠠᠴᠠᠭ᠎ᠠ ᠲᠣᠰᠬᠤᠨ ᠤ ᠵᠢᠵᠢᠭ ᠯᠠᠵᠤᠤ ᠨᠢ ᠬᠦᠷᠢᠶ᠎ᠡ ᠬᠠᠰᠢᠶᠠᠨ ᠤ ᠠᠵᠤ ᠠᠬᠤᠢ ᠶᠢᠨ ᠲᠣᠮᠣ ᠶᠠᠪᠤᠳᠠᠯ ᠢ ᠲᠠᠷᠢᠭᠰᠠᠨ ᠪᠠᠶᠢᠨ᠎ᠠ᠃ ᠪᠠᠶᠠᠨᠨᠠᠭᠤᠷ ᠰᠤᠮᠤ ᠲᠤᠰ ᠪᠡᠶ᠎ᠡ ᠶᠢᠨ ᠣᠨᠴᠠᠯᠢᠭ ᠳᠠᠭᠠᠨ ᠰᠠᠭᠤᠷᠢᠯᠠᠨ᠂ ︽ᠨᠢᠭᠡ ᠲᠣᠰᠬᠤᠨ ᠨᠢᠭᠡ ᠲᠦᠷᠦᠯ ᠲᠡᠮᠳᠡᠭ︾ ᠢᠶᠠᠷ ᠭᠠᠷᠳᠠᠴᠠ ᠪᠣᠯᠭᠠᠵᠤ᠂ ᠨᠤᠲᠤᠭ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠠᠭᠤᠳᠠᠯᠵᠤ᠂ ᠣᠨᠴᠠᠯᠢᠭᠲᠤ ᠠᠵᠤ ᠦᠢᠯᠡᠰ ᠤᠨ ᠥᠷᠲᠡᠭ ᠢ ᠶᠡᠬᠡᠰᠬᠡᠵᠦ᠂ ᠣᠳᠣᠬᠠᠨ ᠳᠤ 878 ᠡᠷᠦᠬᠡ ᠲᠠᠷᠢᠬᠤ᠂ ᠲᠡᠵᠢᠭᠡᠨ ᠦᠷᠡᠵᠢᠭᠦᠯᠬᠦ ᠪᠠᠷ ᠳᠠᠮᠵᠢᠭᠤᠯᠤᠨ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠵᠦ᠂ ᠵᠢᠵᠢᠭ ᠬᠦᠷᠢᠶ᠎ᠡ ᠬᠠᠰᠢᠶ᠎ᠠ ᠨᠢ ᠶᠠᠭ ᠬᠥᠳᠡᠭᠡ ᠲᠣᠰᠬᠤᠨ ᠤ ᠠᠵᠤ ᠠᠬᠤᠢ ᠶᠢ ᠬᠥᠭᠵᠢᠭᠡᠬᠦ ᠰᠢᠨ᠎ᠡ ᠬᠥᠳᠡᠯᠭᠡᠭᠦᠷ ᠪᠣᠯᠵᠤ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号