ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ᠵᠠᠯᠠᠭᠤ ᠺᠠᠳ᠋ᠷᠴᠤᠳ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠢᠵᠡᠢ
ᠨᠡᠶᠢᠲᠡᠯᠡᠭᠰᠡᠨ ᠴᠠᠭ᠄
2025/5/29
      5 ᠰᠠᠷ᠎ᠠ ᠶᠢᠨ 26 ᠤ ᠡᠳᠦᠷ᠂ ᠷᠡᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠡᠭᠦᠷ ︽ᠬᠡᠷᠡᠭ ᠢᠶᠠᠷ ᠲᠣᠯᠢ ᠪᠣᠯᠭᠠᠨ ᠴᠢᠩᠭ᠎ᠠ ᠰᠡᠷᠡᠮᠵᠢᠯᠡᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ ᠣᠭ ᠰᠠᠨᠠᠭ᠎ᠠ ᠪᠠᠨ ᠣᠶᠢᠯᠡᠳᠦᠯᠭᠡᠵᠢᠭᠦᠯᠬᠦ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠵᠢᠴᠢ ᠵᠠᠯᠠᠭᠤ ᠺᠠᠳ᠋ᠷᠴᠤᠳ ᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠥᠷᠨᠢᠭᠦᠯᠪᠡ᠃ ᠬᠤᠳᠡ ᠶᠢᠨ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠸᠧ ᠶᠢᠩ ᠴᠢ ᠨᠥᠬᠦᠷ ᠬᠤᠷᠡᠯ ᠢ ᠡᠷᠭᠢᠯᠡᠵᠦ᠂ ᠣᠳᠣᠷᠢᠳᠬᠤ ᠪᠠᠭ ᠤᠨ ᠪᠦᠷᠢᠯᠳᠦᠬᠦᠨ᠂ ᠪᠥᠬᠦ ᠨᠠᠮ ᠤᠨ ᠭᠡᠰᠢᠭᠦᠨ ᠵᠢᠴᠢ ᠵᠠᠯᠠᠭᠤ ᠺᠠᠳ᠋ᠷ ᠲᠣᠰ ᠠᠵᠢᠯᠯᠠᠭ᠎ᠠ ᠳᠤ ᠣᠷᠣᠯᠴᠠᠵᠠᠶ᠃ ᠬᠤᠷᠠᠯ ᠳᠡᠭᠡᠷ᠎ᠡ᠂ ︽ᠢᠯᠵᠠᠷᠠᠯ ᠢ ᠡᠰᠡᠷᠭᠦᠴᠡᠵᠦ ᠠᠷᠠᠳ ᠲᠦᠮᠡᠨ ᠤ ᠲᠥᠯᠥᠭᠡ︾ ᠭᠡᠬᠦ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ᠃ ᠨᠡᠶᠢᠲᠡᠯᠢᠭ ᠬᠡᠷᠡᠭ ᠤᠨ ᠵᠢᠱᠢᠶ᠎ᠡ ᠶᠢᠨ ︽ᠬᠡᠷᠡᠭ ᠢᠶᠠᠷ ᠰᠠᠬᠢᠯᠭ᠎ᠠ ᠪᠠᠲᠤ ᠶᠢ ᠲᠠᠶᠢᠯᠪᠤᠷᠢᠯᠠᠵᠤ᠂ ᠬᠡᠷᠡᠭ ᠢᠶᠠᠷ ᠬᠠᠤᠯᠢ ᠶᠢ ᠲᠣᠳᠣᠷᠬᠠᠶᠢᠯᠠᠬᠤ︾ ᠪᠠᠷ ᠳᠠᠮᠵᠢᠭᠤᠯᠤᠨ ᠂ ᠵᠠᠯᠠᠭᠤ ᠺᠠᠳ᠋ᠷᠴᠤᠳ ᠢ ᠬᠤᠷᠢᠭ᠎ᠠ ᠱᠤᠭᠤᠮ ᠢ ᠰᠠᠬᠢᠬᠤ ᠶᠢ ᠲᠠᠶᠢᠴᠢᠯᠡᠨ ᠵᠢᠯᠣᠭᠤᠳᠪᠠ᠃ ᠬᠤᠷᠠᠯ ᠳᠤ ᠣᠷᠣᠯᠴᠠᠭᠰᠠᠨ ᠵᠠᠯᠠᠭᠤ ᠺᠠᠳ᠋ᠷᠴᠤᠳ᠂ ᠲᠤᠰ ᠤᠳᠠᠭᠠᠨ ᠤ ᠰᠤᠷᠤᠯᠴᠠᠯᠭ᠎ᠠ ᠪᠠᠷ ᠠᠵᠠ ᠲᠣᠬᠢᠶᠠᠯ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠤᠰᠬᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠵᠦ᠂ ᠷᠠᠰᠢᠶᠠᠨ ᠬᠤᠳᠠ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠵᠦ ᠢᠯᠡᠳᠬᠡᠵᠡᠭᠡᠪᠡ᠃ ᠬᠤᠷᠠᠯ ᠠᠴᠠ᠂ ᠪᠦᠬᠦ ᠺᠠᠳ᠋ᠷᠴᠤᠳ ᠲᠦᠷᠦᠭᠦᠯᠡᠨ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠵᠤ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠶᠢᠳᠣᠷ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠪᠠᠶᠢᠬᠤ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠳᠡᠷᠭᠡᠳᠡᠬᠢ ᠬᠡᠷᠡᠭ ᠤᠨ ᠵᠢᠱᠢᠶ᠎ᠡ ᠪᠠᠷ ︽ᠲᠣᠯᠢ︾ ᠪᠣᠯᠭᠠᠵᠤ᠂ ᠨᠠᠵᠠᠭᠠᠶᠢᠷᠠᠨ ᠬᠤᠶᠢᠷᠭᠤᠰᠢᠬᠤ᠂ ᠤᠶᠤᠨ ᠰᠠᠨᠠᠭ᠎ᠠ ᠬᠤᠭᠤᠰᠣᠷᠡᠬᠤ᠂ ᠵᠢᠷᠭᠠᠨ ᠴᠡᠩᠭᠡᠬᠦ ᠶᠢ ᠬᠥᠭᠡᠭᠡᠴᠡᠯᠳᠦᠬᠦ ᠵᠡᠷᠭᠡ ᠮᠠᠭᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢᠨ ᠬᠠᠮᠲᠤ ᠦᠨᠡᠨ ᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠨ ᠤ ᠬᠠᠮᠲᠤ᠂ ᠰᠡᠷᠡᠮᠵᠢᠯᠡᠭᠦᠯᠬᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ︽ᠰᠡᠷᠡᠮᠵᠢ ᠶᠢᠨ ᠬᠤᠩᠬᠤ︾ ᠶᠢ ᠪᠠᠶᠢᠩᠭᠤ ᠲᠣᠣᠭᠠᠷᠴᠣ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠬᠡᠵᠣ ᠴᠢᠬᠤᠯᠠᠴᠢᠯᠡᠪᠡ᠃
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号