5 ᠰᠠᠷ᠎ᠠ ᠶᠢᠨ 26 ᠤ ᠡᠳᠦᠷ᠂ ᠷᠠᠰᠢᠶᠠᠨ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠨᠠᠮ ᠤᠨ | ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠣᠨᠣᠯ ᠰᠣᠷᠣᠯᠴᠠᠬᠤ ᠭᠤᠤᠯ | ᠳᠤᠭᠤᠶᠢᠯᠠᠩ ᠤᠨ ᠰᠤᠳᠤᠯᠤᠨ ᠶᠠᠷᠢᠯᠴᠠᠬᠤ ᠬᠤᠷᠡᠯ ᠬᠤᠷᠡᠯᠳᠣᠭᠤᠯᠪᠡ᠃ ᠬᠤᠷᠠᠯ ᠠᠴᠠ ︽ᠰᠢ ᠶᠢᠨ ᠫᠢᠩ᠄ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠢᠯᠢᠳᠡᠭ | ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ ᠠᠷᠠᠳ ᠤᠨ ᠰᠤᠷᠲᠠᠯ ᠢ ᠲᠠᠶᠢᠴᠢᠯᠡᠨ ᠳᠠᠭᠠᠭᠤᠯᠬᠤ︾᠂ ︽ᠨᠠᠮ ᠤᠨ | ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ ᠨᠡᠶᠢᠲᠡᠯᠢᠭ ᠠᠰᠠᠭᠤᠳᠠᠯ︾ ᠵᠡᠷᠭᠡ | ᠴᠢᠬᠤᠯᠠ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠬᠤᠷᠢᠶ᠎ᠠ ᠵᠢᠴᠢ ᠬᠢᠩᠭᠠᠨ ᠠᠶᠢᠮᠠᠭ ᠤᠨ ᠨᠡᠶᠢᠲᠡᠯᠢᠭ | ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ | ᠭᠦᠨᠵᠡᠭᠡᠶ ᠰᠤᠷᠤᠯᠴᠠᠨ ᠣᠶᠢᠯᠠᠭᠠᠬᠤ ᠲᠠᠢ ᠤᠶᠠᠯᠳᠤᠭᠤᠯᠵᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠡᠢ᠃ | ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠦᠸᠧ | ᠶᠢᠩ ᠴᠢ ᠬᠤᠷᠠᠯ ᠢ ᠡᠷᠭᠢᠯᠡᠵᠦ᠂ ᠤᠳᠤᠷᠢᠳᠬᠤ ᠪᠠᠭ ᠤᠨ ᠪᠥᠬᠦ ᠪᠦᠷᠢᠯᠳᠦᠬᠦᠨ ᠬᠤᠷᠡᠯ ᠳᠤ ᠣᠷᠣᠯᠴᠠᠵᠠᠶ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ | ᠭᠦᠨᠵᠡᠭᠡᠶᠢᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ ᠬᠡᠷᠡᠭᠲᠡᠢ᠃ ᠤᠳᠤᠷᠢᠳᠬᠤ | ᠺᠠᠳ᠋ᠷᠴᠤᠳ ︽ᠲᠦᠷᠦᠭᠦᠴᠢ ᠭᠠᠯᠠᠭᠤ ᠶᠢᠨ ᠦᠢᠯᠡᠳᠦᠯ︾ ᠢᠶᠠᠨ ᠪᠠᠳᠠᠷᠠᠭᠤᠯᠵᠤ᠂ ᠳᠡᠭᠡᠳᠦ ᠱᠠᠲᠤ ᠨᠢ ᠳᠣᠣᠷᠠᠳᠤ | ᠱᠠᠲᠤ ᠪᠠᠨ ᠳᠠᠭᠠᠭᠤᠯᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ ᠨᠠᠮ ᠤᠨ ᠲᠥᠪ ᠬᠤᠷᠢᠶᠠᠨ ᠤ ᠨᠠᠢᠮᠠᠨ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠰᠠᠬᠢᠵᠤ᠂ ᠪᠣᠳᠠᠲᠠᠢ ᠶᠢ ᠡᠷᠬᠢᠮᠯᠡᠬᠦ | ᠠᠵᠢᠯ ᠤᠨ ᠰᠤᠷᠲᠠᠯ ᠢ ᠲᠦᠷᠦᠭᠦᠯᠡᠨ ᠠᠬᠢᠭᠤᠯᠵᠤ᠂ ᠠᠷᠪᠢᠯᠠᠨ ᠭᠠᠮᠨᠠᠬᠤ ᠶᠢ ᠦᠢᠯᠡᠳᠦᠯᠭᠡᠵᠢᠭᠦᠯᠵᠦ᠂ ᠪᠦᠷᠢᠯᠭᠡᠨ | ᠰᠦᠢᠳᠬᠡᠬᠦ ᠶᠢ ᠡᠰᠡᠷᠭᠦᠴᠡᠬᠦ ᠬᠡᠷᠡᠭᠲᠡᠢ᠃ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠶᠢ ᠰᠤᠳᠤᠯᠵᠤ᠂ ᠰᠢᠨᠵᠢᠯᠡᠬᠦ | ᠤᠬᠠᠭᠠᠨᠴᠢ ᠪᠥᠭᠡᠳ ᠣᠨᠣᠪᠴᠢᠲᠠᠶ ᠴᠡᠭᠴᠡᠯᠡᠨ ᠵᠠᠰᠠᠵᠤ᠂ ᠦᠨᠡᠨ ᠪᠣᠳᠠᠲᠠᠶ ᠠᠵᠢᠯ ᠬᠢᠵᠦ᠂ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠭᠡᠷᠡᠭᠳᠡᠢ ᠭᠡᠪᠡ᠃ ᠬᠤᠷᠠᠯ ᠠᠴᠠ᠂ ᠰᠤᠷᠲᠠᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠰᠠᠶᠢᠳᠣᠷ ᠪᠠᠷᠢᠮᠳᠡᠯᠠᠵᠣ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠳᠤ | ᠴᠢᠩᠭ᠎ᠠ ᠴᠣᠬᠢᠯᠲᠠ ᠥᠭᠴᠦ᠂ ᠣᠯᠡᠨ ᠶᠠᠩᠵᠤ ᠪᠠᠷ ᠰᠢᠨ᠎ᠡ ᠶᠢ ᠡᠭᠦᠳᠬᠦ ︽ᠲᠦᠷᠪᠡᠨ ᠰᠤᠷᠲᠠᠯ︾ ᠤᠨ | ᠠᠰᠠᠭᠤᠳᠠᠯ ᠳᠤ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢᠨ | ᠱᠠᠭᠠᠷᠳᠠᠯᠭ᠎ᠠ ᠶᠢ ᠪᠢᠴᠢᠭ ᠮᠠᠲ᠋ᠧᠷᠢᠶᠠᠯ ᠭᠦᠢᠴᠡᠳᠬᠡᠬᠦ᠂ ᠬᠤᠷᠠᠯ ᠡᠷᠬᠢᠯᠡᠬᠦ᠂ ᠠᠵᠢᠯ ᠶᠠᠪᠤᠳᠠᠯ ᠡᠷᠬᠢᠯᠡᠬᠦ ᠡᠯ᠎ᠡ | ᠭᠤᠭᠴᠤᠭ᠎ᠠ ᠳᠤ ᠭᠦᠨᠵᠡᠭᠡᠢ ᠠᠭᠤᠰᠤᠯᠴᠠᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠪᠠᠷ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ ᠭᠡᠵᠣ ᠴᠢᠬᠤᠯᠠᠴᠢᠯᠡᠪᠡ᠃ |