ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠰᠢᠶᠠᠨ ᠵᠢᠭᠤᠯᠴᠢᠯᠡᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠤᠭᠳᠠᠵᠠᠢ
ᠨᠡᠶᠢᠲᠡᠯᠡᠭᠰᠡᠨ ᠴᠠᠭ᠄
2025/5/29
       5 ᠰᠠᠷ᠎ᠠ ᠶᠢᠨ 19 ᠤ ᠡᠳᠦᠷ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠰᠢᠶᠠᠨ ᠵᠢᠭᠤᠯᠴᠢᠯᠡᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ ᠷᠠᠰᠢᠶᠠᠨ ᠬᠤᠲᠠ ᠳᠤ ᠶᠠᠪᠤᠭᠳᠠᠪᠠ᠃ ᠡᠨᠡ ᠨᠢ ᠤᠯᠤᠰ ᠤᠨ ᠠᠵᠦ ᠤᠶᠢᠯᠡᠰ ᠰᠤᠷᠭᠠᠨ ᠬᠥᠮᠦᠵᠢᠯ ᠢ ᠠᠭᠤᠰᠤᠯᠴᠠᠭᠤᠯᠬᠤ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠵᠦ᠂ ᠷᠠᠰᠢᠶᠠᠨ ᠬᠤᠲᠠ ᠶᠢᠨ ᠤᠯᠤᠰ ᠤᠨ ᠲᠡᠰ ᠤᠨ ᠵᠢᠭᠤᠯᠴᠢᠯᠡᠯ ᠤᠨ ᠠᠮᠠᠷᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠤᠯᠦᠨ᠎ᠠ ᠃ ᠣᠶᠢᠯᠠᠭᠠᠭᠰᠠᠨ ᠢᠶᠠᠷ᠂ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠰᠤᠷᠭᠠᠭᠤᠯᠢ ᠡᠷᠭᠢᠯᠡᠬᠦ ᠵᠠᠭᠪᠤᠷ ᠤᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠢᠶᠠᠷ ᠤᠳᠤᠷᠢᠳᠤᠭᠤᠯᠤᠨ᠂ ᠳᠡᠭᠡᠳᠦ ᠰᠤᠷᠭᠠᠭᠤᠯᠢ ᠭᠤᠤᠯ ᠴᠣᠭᠴᠠ ᠪᠤᠯᠭᠠᠵᠦ᠂ ᠠᠵᠤ ᠠᠬᠤᠶᠢᠯᠠᠯ ᠣᠷᠣᠯᠴᠠᠭᠰᠠᠨ ᠬᠠᠮᠵᠢᠯᠴᠠᠭᠠᠨ ᠤ ᠲᠣᠭᠲᠠᠴᠠ ᠶᠢ ᠪᠣᠶ ᠪᠣᠯᠭᠠᠪᠠ᠃      ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠦᠵᠢᠭᠦᠯᠬᠦ ᠪᠠᠷ ᠤᠳᠤᠷᠢᠳᠤᠮᠵᠢ ᠪᠣᠯᠭᠠᠵᠤ᠂ ᠷᠠᠰᠢᠶᠠᠨ ᠤ ᠡᠯᠪᠡᠭ ᠪᠠᠶᠠᠯᠢᠭ ᠵᠢᠭᠤᠯᠴᠢᠯᠡᠯ ᠤᠨ ᠡᠬᠢ ᠪᠠᠶᠠᠯᠢᠭ ᠤᠨ ᠲᠤᠰᠬᠠᠢ ᠮᠡᠷᠭᠡᠵᠢᠯ ᠤᠨ ᠰᠤᠷᠭᠠᠨ ᠬᠥᠮᠦᠵᠢᠯ ᠤᠨ ᠳᠤᠮᠳᠠᠬᠢ ᠦᠨ᠎ᠡ ᠦᠷᠳᠡᠭ ᠢ ᠭᠦᠢᠴᠡᠳ ᠠᠭᠤᠳᠠᠯᠵᠤ᠂ ᠠᠵᠤ ᠦᠢᠯᠡᠰ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ ᠪᠣᠯᠤᠨ ᠰᠣᠶᠣᠯ ᠵᠢᠭᠤᠯᠴᠢᠯᠡᠯ ᠤᠨ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠨᠢᠭᠲᠠ ᠵᠣᠯᠭᠠᠭᠤᠯᠬᠤ ᠪᠤᠯᠦᠨ᠎ᠠ᠃ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠵᠠᠰᠠᠭ ᠤᠨ ᠤᠷᠳᠤᠨ᠂ ᠰᠤᠷᠭᠠᠭᠤᠯᠢ᠂ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠬᠦᠴᠦ ᠪᠠᠨ ᠬᠠᠮᠲᠤᠳᠬᠠᠨ ᠲᠣᠰ ᠬᠤᠪᠢᠶᠠᠷᠢ ᠰᠤᠷᠭᠠᠭᠤᠯᠢ ᠶᠢ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠵᠢᠭᠤᠯᠴᠢᠯᠡᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠪᠣᠯᠭᠠᠨ ᠪᠠᠶᠢᠭᠤᠯᠵᠤ᠂ ᠵᠢᠭᠤᠯᠴᠢᠯᠡᠯ ᠤᠨ ᠠᠵᠤ ᠦᠢᠯᠡᠰ ᠬᠢᠭᠡᠳ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠭᠦᠨᠵᠡᠭᠡᠶ ᠠᠭᠤᠰᠤᠯᠴᠠᠭᠤᠯᠵᠤ᠂ ᠰᠢᠨ᠎ᠡ ᠶᠢ ᠡᠭᠦᠳᠬᠦ ᠪᠠ ᠤᠶᠢᠯᠡᠳᠤᠯᠭᠡ ᠶᠢᠨ ᠴᠢᠳᠠᠪᠤᠷᠢ ᠲᠠᠢ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠵᠦ᠂ ᠣᠷᠣᠨ ᠨᠤᠲᠤᠭ ᠤᠨ ᠠᠵᠤ ᠠᠬᠤᠶ ᠶᠢᠨ ᠦᠷᠭᠦᠯᠵᠢᠯᠡᠬᠦ᠋ᠴᠠ ᠬᠥᠭᠵᠢᠯᠲᠡ ᠶᠢ ᠠᠬᠢᠭᠤᠯᠤᠨ᠎ᠠ︔ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ ᠶᠢᠨ ᠲᠠᠯ᠎ᠠ ᠪᠠᠷ ᠵᠢᠭᠤᠯᠴᠢᠯᠡᠯ ᠤᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠢᠶᠠᠷ ᠭᠤᠤᠯ ᠪᠣᠯᠭᠠᠬᠤ ᠶᠢᠨ ᠬᠠᠮᠲᠤ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠠᠮᠢᠶ᠎ᠠ ᠪᠦᠬᠦᠢ ᠲᠤᠰᠬᠠᠶ ᠮᠡᠷᠭᠡᠵᠢᠯ ᠢ ᠴᠠᠭ ᠲᠤᠨᠢ ᠲᠣᠬᠢᠷᠠᠭᠤᠯᠤᠨ ᠨᠡᠮᠡᠨ ᠪᠠᠶᠢᠭᠤᠯᠬᠤ ᠪᠦᠭᠡᠳ ᠳᠡᠭᠡᠳᠦ ᠰᠤᠷᠭᠠᠭᠤᠯᠢ ᠷᠠᠰᠢᠶᠠᠨ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠤᠶᠢᠯᠡᠳᠤᠯᠭᠡ ᠶᠢᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠭᠦᠢᠴᠡᠳ ᠠᠰᠢᠭᠯᠠᠨ᠂ ᠰᠣᠶᠣᠯ ᠵᠢᠭᠤᠯᠴᠢᠯᠡᠯ ᠤᠨ ᠠᠵᠤ ᠤᠶᠢᠯᠡᠰ ᠤᠨ ᠠᠵᠤ ᠠᠬᠤᠶᠢᠯᠠᠯ ᠲᠠᠢ ᠨᠢᠭᠲᠠ ᠬᠠᠮᠲᠤᠷᠠᠯᠴᠠᠵᠤ᠂ ᠤᠶᠢᠯᠡᠳᠤᠯᠭᠡ ᠶᠢᠨ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢ ᠬᠠᠮᠲᠤ ᠪᠠᠷ ᠦᠷᠨᠢᠭᠦᠯᠬᠦ ᠪᠤᠯᠦᠨ᠎ᠠ᠃ ᠡᠭᠦᠨ ᠠᠴᠠ ᠭᠠᠳᠠᠨ᠎ᠠ᠂ ᠴᠠᠶ ᠶᠢᠨ ᠤᠷᠠᠯᠢᠭ ᠤᠨ ᠲᠠᠰᠤᠭ ᠵᠡᠷᠭᠡ ᠡᠬᠢ ᠪᠠᠶᠠᠯᠢᠭ ᠢ ᠠᠰᠢᠭᠯᠠᠨ ᠨᠡᠶᠢᠭᠡᠮ ᠤᠨ ᠪᠣᠯᠪᠠᠰᠤᠷᠠᠯ ᠥᠷᠨᠢᠭᠦᠯᠵᠦ᠂ ᠣᠷᠣᠨ ᠨᠤᠲᠤᠭ ᠤᠨ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠤᠯᠦᠨ᠎ᠠ᠃ ᠬᠢᠩᠭᠠᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠰᠢᠶᠠᠨ ᠵᠢᠭᠤᠯᠴᠢᠯᠡᠯ ᠤᠨ ᠠᠵᠤ ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠤᠭᠳᠠᠭᠰᠠᠨ ᠨᠢ ᠷᠠᠰᠢᠶᠠᠨ ᠬᠤᠳᠠ ᠶᠢᠨ ᠵᠢᠭᠤᠯᠴᠢᠯᠡᠯ ᠤᠨ ᠦᠢᠯᠡᠰ ᠤᠨ ᠬᠥᠭᠵᠢᠯᠲᠡ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠴᠢᠬᠤᠯᠠ ᠪᠡᠯᠭᠡ ᠲᠡᠮᠳᠡᠭ ᠪᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠵᠢᠭᠤᠯᠴᠢᠯᠡᠯ ᠤᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠳᠤ ᠰᠢᠨ᠎ᠡ ᠲᠠᠪᠴᠠᠩ ᠬᠠᠩᠭᠠᠬᠤ ᠪᠣᠯᠤᠨ᠎ᠠ᠃ ︵ᠯᠢᠶᠠᠨ ᠪᠤᠤ︶    
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号