ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠬᠢᠩᠭᠠᠨ ᠤ ᠰᠢᠷ᠎ᠠ ᠳᠠᠬᠢᠶ᠎ᠠ ᠲᠡᠵᠢᠭᠡᠨ ᠦᠷᠡᠵᠢᠭᠦᠯᠬᠦ︾ ᠮᠡᠷᠭᠡᠵᠢᠯ ᠤᠨ ᠪᠣᠯᠪᠠᠰᠤᠷᠠᠯ ᠤᠨ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠨᠡᠶᠢᠲᠡᠯᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/29
      ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠣᠨᠴᠠᠯᠢᠭᠲᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 23 ᠤ ᠡᠳᠦᠷ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠣᠯᠪᠠᠰᠤᠷᠠᠭᠤᠯᠤᠯ ᠤᠨ ᠲᠦᠷᠦᠯ ᠲᠡᠮᠳᠡᠭ ᠵᠦᠩ ᠬᠠᠢ ᠭᠠᠷ ᠬᠤᠯᠪᠣᠨ ᠳᠠᠬᠢᠨ ᠠᠵᠢᠯ ᠣᠯᠭᠤᠯᠲᠠ ᠶᠢᠨ ᠰᠢᠨ᠎ᠡ ᠬᠠᠭᠤᠳᠠᠰᠤ ᠶᠢ ᠡᠭᠦᠳᠬᠦ︾ ᠪᠠᠷ ᠭᠤᠣᠯ ᠰᠡᠳᠦᠪ ᠪᠣᠯᠭᠠᠭᠰᠠᠨ ︽ᠬᠢᠩᠭᠠᠨ ᠤ ᠢᠳᠡᠰᠢᠨ ᠲᠠᠬᠢ᠊ ᠡᠶ᠎ᠡ ᠲᠡᠵᠢᠭᠡᠨ ᠦᠷᠡᠵᠢᠭᠦᠯᠬᠦ︾ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠦᠷᠦᠯ ᠲᠡᠮᠳᠡᠭ ᠢ ᠪᠤᠶᠢᠵᠢᠭᠤᠯᠬᠤ ᠠᠵᠢᠯᠯᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠮᠠᠩᠬ᠎ᠠ ᠰᠤᠮᠤᠨ ᠳᠤ ᠶᠠᠪᠤᠭᠳᠠᠪᠠ᠃ ᠠᠵᠢᠯᠯᠠᠭ᠎ᠠ ᠠᠴᠠ ᠡᠮᠦᠨ᠎ᠡ᠂ ᠪᠡᠭᠡᠵᠢᠩ ᠬᠤᠲᠠ ᠶᠢᠨ ᠲᠠᠷᠢᠶᠠᠯᠠᠩ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠪᠠᠶᠠᠨᠮᠠᠩᠬ᠎ᠠ ᠰᠤᠮᠤ ᠶᠢᠨ ᠬᠦᠭᠵᠢᠯᠲᠤ ᠭᠠᠴᠠᠭ᠎ᠠ ᠳᠤ ᠬᠦᠷᠴᠦ᠂ ᠲᠣᠰᠬᠤᠨ ᠤ ᠠᠷᠠᠳ ᠲᠤ ︽ᠬᠢᠩᠭᠠᠨ ᠤ ᠰᠢᠷ᠎ᠠ ᠳᠠᠬᠢᠶ᠎ᠠ ᠲᠡᠵᠢᠭᠡᠨ ᠦᠷᠡᠵᠢᠭᠦᠯᠬᠦ︾ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ ᠪᠡᠭᠡᠵᠢᠩ ᠤᠨ ᠲᠣᠰᠤᠨ ᠲᠠᠬᠢᠶᠠᠨ ᠤ ᠡᠭᠦᠯᠳᠡᠷ ᠤᠨ ᠣᠨᠴᠠᠯᠢᠭ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠬᠦ᠂ ᠠᠮᠢ ᠠᠬᠤᠢ ᠶᠢᠨ ᠣᠷᠴᠢᠯ ᠲᠡᠵᠢᠭᠡᠨ ᠦᠷᠡᠵᠢᠭᠦᠯᠬᠦ ᠵᠠᠭᠪᠤᠷ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠲᠣᠭᠤᠷᠢᠨ ᠳᠤ ᠵᠢᠯᠣᠭᠤᠳᠣᠯᠭ᠎ᠠ ᠬᠢᠵᠦ᠂ ᠲᠡᠵᠢᠭᠡᠨ ᠦᠷᠡᠵᠢᠭᠦᠯᠬᠦ ᠡᠷᠦᠬᠡ ᠶᠢᠨ ᠠᠩᠬᠠᠷᠴᠤ ᠪᠠᠶᠢᠭ᠎ᠠ ᠥᠪᠡᠷ ᠤᠨ ᠥᠷᠲᠡᠭ ᠢ ᠡᠵᠡᠮᠳᠡᠬᠦ᠂ ᠥᠨᠳᠡᠭᠡᠯᠡᠬᠦ ᠨᠣᠷᠮ᠎ᠠ ᠶᠢ ᠳᠡᠭᠡᠭᠰᠢᠯᠡᠭᠦᠯᠬᠦ ᠵᠢᠴᠢ ᠰᠡᠭᠦᠯᠴᠢ ᠶᠢᠨ ᠬᠤᠭᠤᠴᠠᠭᠠᠨ ᠤ ᠪᠣᠷᠣᠯᠠᠭᠤᠯᠭ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠰᠬᠠᠢ ᠮᠡᠷᠭᠡᠵᠢᠯᠲᠡᠨ ᠪᠡᠶ᠎ᠡ ᠪᠠᠷ ᠢᠶᠠᠨ ᠰᠢᠢᠳᠪᠦᠷᠢᠯᠡᠬᠦ ᠲᠥᠰᠦᠯ ᠢ ᠲᠣᠭᠲᠠᠭᠠᠪᠠ᠃ ᠠᠵᠢᠯᠲᠠᠳ ᠨᠢᠭᠡ ᠲᠠᠯ᠎ᠠ ᠪᠠᠷ ᠨᠠᠷᠢᠨ ᠬᠠᠷᠭᠤᠭᠤᠯᠵᠤ ᠮᠡᠳᠡᠭᠡ ᠵᠠᠩᠭᠢ ᠲᠠᠷᠬᠠᠭᠠᠵᠤ᠂ ᠨᠢᠭᠡᠳ ᠨᠢᠭᠡ ᠪᠠᠷ ᠳᠠᠩᠰᠠᠯᠠᠵᠤ᠂ ᠨᠥᠭᠦᠭᠡ ᠲᠠᠯ᠎ᠠ ᠪᠠᠷ ᠲᠠᠷᠢᠶᠠᠴᠢᠨ ᠡᠷᠦᠬᠡ ᠳᠤ ᠲᠠᠬᠢᠶᠠᠨ ᠴᠢᠬᠢ ᠶᠢᠨ ᠬᠢᠵᠢᠭ ᠢ ᠰᠡᠷᠭᠡᠶᠢᠯᠡᠬᠦ᠂ ᠠᠷᠢᠭᠤᠳᠬᠠᠬᠤ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠵᠡᠷᠭᠡ ᠮᠡᠳᠡᠯᠭᠡ ᠶᠢ ᠬᠦᠯᠢᠴᠡᠩᠭᠦᠢ ᠪᠠᠷ ᠲᠠᠶᠢᠯᠪᠤᠷᠢᠯᠠᠨ ᠥᠭᠴᠦ᠂ ᠲᠠᠷᠢᠶᠠᠴᠢᠨ ᠡᠷᠦᠬᠡ ᠲᠠᠬᠢᠶᠠᠨ ᠴᠢᠬᠢ ᠶᠢᠨ ᠳᠠᠭᠠᠭᠤᠯᠭ᠎ᠠ ᠶᠢ ᠣᠯᠵᠤ ᠥᠭᠭᠦᠭᠰᠡᠨ ᠤ ᠳᠠᠷᠠᠭ᠎ᠠ᠂ ᠴᠢᠷᠠᠢ ᠳᠤ ᠵᠣᠯ ᠵᠢᠷᠭᠠᠯ ᠤᠨ ᠢᠨᠢᠶᠡᠮᠰᠦᠭᠯᠡᠯ ᠪᠢᠯᠬᠠᠨ᠎ᠠ᠃ ᠲᠠᠷᠢᠶᠠᠴᠢᠳ ᠲᠠᠬᠢᠶᠠᠨ ᠴᠢᠬᠢ ᠶᠢᠨ ᠳᠠᠷᠠᠭ᠎ᠠ ᠵᠣᠯ ᠵᠢᠷᠭᠠᠯ ᠤᠨ ᠢᠨᠢᠶᠡᠮᠰᠦᠭᠯᠡᠯ ᠲᠣᠳᠣᠷᠠᠪᠠ᠃ ︽ᠥᠨᠥᠳᠦᠷ ᠪᠢ 30 ᠴᠤᠷᠪᠠᠭ᠎ᠠ ᠲᠡᠵᠢᠭᠡᠵᠦ᠂ ᠪᠢᠳᠡᠨ ᠳᠤ ᠪᠣᠯᠪᠠᠰᠤᠷᠠᠯ ᠤᠨ ᠬᠢᠴᠢᠶᠡᠯ ᠣᠷᠣᠵᠤ᠂ ᠪᠢᠳᠡᠨ ᠳᠤ ᠵᠣᠬᠢᠬᠤ ᠬᠡᠮᠵᠢᠶᠡᠨ ᠤ ᠠᠷᠭ᠎ᠠ ᠵᠢᠭᠠᠵᠤ ᠥᠭᠴᠦ᠂ ᠵᠣᠬᠢᠬᠤ ᠬᠡᠮᠵᠢᠶ᠎ᠡ ᠪᠠᠷ ᠵᠣᠭᠤᠰ ᠪᠤᠴᠠᠭᠠᠨ ᠠᠪᠴᠤ ᠥᠭᠭᠦᠨ᠎ᠡ᠂ ᠪᠢ ᠬᠠᠷᠢᠭᠰᠠᠨ ᠤ ᠳᠠᠷᠠᠭ᠎ᠠ ᠡᠳᠡᠭᠡᠷ ᠲᠠᠬᠢᠶᠠᠨ ᠴᠤᠷᠪᠠᠭ᠎ᠠ ᠲᠡᠵᠢᠭᠡᠵᠦ᠂ ᠭᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠬᠦ ᠪᠠᠷ ᠴᠢᠷᠮᠠᠶᠢᠨ᠎ᠠ︾ ᠭᠡᠪᠡ᠃      ᠪᠠᠶᠠᠨᠮᠠᠩᠬ᠎ᠠ ᠰᠤᠮᠤ ᠶᠢᠨ ᠬᠥᠮᠦᠵᠢᠯᠳᠦ ᠭᠠᠴᠠᠭᠠᠨ ᠤ ᠠᠷᠠᠳ ᠪᠦᠦ ᠱᠤᠸᠠᠩ ᠶᠤᠸᠡᠢ ᠬᠡᠯᠡᠪᠡ᠃ ᠣᠶᠢᠯᠠᠭᠠᠭᠰᠠᠨ ᠢᠶᠠᠷ᠂ ᠬᠢᠩᠭᠠᠨ ᠲᠣᠰᠣᠲᠤ ᠳᠠᠬᠢᠶ᠎ᠠ ᠪᠡᠭᠡᠵᠢᠩ ᠤᠨ ᠲᠣᠰᠣᠲᠤ ᠲᠠᠬᠢᠶ᠎ᠠ ᠠᠴᠠ ᠢᠷᠡᠯᠲᠡ ᠲᠠᠢ᠂ ᠪᠠᠰᠠ ᠳᠤᠮᠳᠠᠳᠤ ᠶᠢᠨ ᠣᠷᠳᠣᠨ ᠤ ᠰᠢᠷ᠎ᠠ ᠳᠠᠬᠢᠶ᠎ᠠ ᠭᠡᠵᠦ ᠨᠡᠷᠡᠯᠡᠭᠳᠡᠵᠦ᠂ ᠤᠤᠯ ᠨᠢ ᠪᠡᠭᠡᠵᠢᠩ ᠣᠷᠣᠨ ᠠᠴᠠ ᠭᠠᠷᠤᠯᠲᠠ ᠲᠠᠢ᠂ ᠲᠡᠦᠬᠡ ᠶᠢᠨ ᠮᠠᠲ᠋ᠧᠷᠢᠶᠠᠯ ᠲᠠᠢ ᠲᠡᠵᠢᠭᠡᠨ ᠦᠷᠡᠵᠢᠭᠦᠯᠬᠦ ᠲᠡᠦᠬᠡᠨ ᠳᠤ ᠲᠡᠮᠳᠡᠭᠯᠡᠭᠰᠡᠨ ᠢᠶᠠᠷ 300 ᠭᠠᠷᠤᠢ ᠵᠢᠯ ᠪᠣᠯᠵᠠᠢ᠃ ᠰᠢᠷ᠎ᠠ ᠳᠠᠬᠢᠶ᠎ᠠ ᠨᠢ ᠮᠢᠬᠠᠨ ᠤ ᠶᠠᠰᠤ ᠴᠢᠨᠠᠷ ᠨᠢ ᠨᠠᠷᠢᠯᠢᠭ᠂ ᠦᠨᠦᠷ ᠠᠮᠲᠠ ᠨᠢ ᠰᠣᠷᠭᠤᠭ᠂ ᠰᠢᠮ᠎ᠡ ᠲᠡᠵᠢᠭᠡᠯ ᠨᠢ ᠡᠯᠪᠡᠭ ᠪᠠᠶᠢᠳᠠᠭ ᠢᠶᠠᠷ ᠢᠶᠠᠨ ᠵᠠᠬ᠎ᠠ ᠵᠡᠭᠡᠯᠢ ᠶᠢᠨ ᠪᠠᠶᠢᠳᠠᠯ ᠥᠷᠭᠡᠨ ᠪᠠᠶᠢᠨ᠎ᠠ︾ ᠬᠡᠵᠤ ᠬᠢᠩᠭᠠᠨ ᠲᠣᠰᠣᠨ ᠲᠠᠬᠢᠶᠠᠨ ᠤ ᠲᠤᠰᠬᠠᠢ ᠮᠡᠷᠭᠡᠵᠢᠯᠲᠡᠨ ᠲᠣᠰᠬᠤᠨ ᠤ ᠠᠷᠠᠳ ᠲᠤ ᠬᠢᠴᠢᠶᠡᠯ ᠣᠷᠣᠪᠠ᠃ ᠲᠤᠰ ᠤᠳᠠᠭᠠᠨ ᠤ ᠨᠡᠶᠢᠲᠡᠯᠡᠬᠦ ᠠᠵᠢᠯᠯᠠᠭ᠎ᠠ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠦᠭᠰᠡᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠣᠯᠤᠨ᠎ᠠ᠂ ᠪᠡᠭᠡᠵᠢᠩ ᠬᠤᠲᠠ ᠶᠢᠨ ᠲᠠᠷᠢᠶᠠᠯᠠᠩ ᠣᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠡᠷᠭᠡᠵᠢᠯ ᠤᠨ ᠴᠢᠳᠠᠪᠤᠷᠢ ᠳᠤ ᠲᠦᠰᠢᠭᠯᠡᠨ᠂ ᠬᠢᠩᠭᠠᠨ ᠠᠶᠢᠮᠠᠭ ᠤᠨ ᠫᠧᠩ ᠳ᠋ᠠ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠲᠠᠢ ᠬᠤᠯᠪᠣᠭᠠᠯᠠᠨ ᠪᠣᠳᠠᠲᠠᠢ ᠳᠤ ᠨᠠᠶᠢᠳᠠᠪᠤᠷᠢᠵᠢᠭᠤᠯᠤᠨ ᠦᠢᠯᠡᠴᠢᠯᠡᠵᠦ ᠂ ︽ᠠᠵᠤ ᠦᠢᠯᠡᠰ ᠤᠨ ᠠᠵᠢᠯ ᠣᠯᠭᠤᠯᠲᠠ︾ ᠶᠢᠨ ᠪᠦᠬᠦ ᠬᠡᠯᠬᠢᠶ᠎ᠡ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠮᠠᠯᠴᠢᠨ ᠲᠠᠷᠢᠶᠠᠴᠢᠨ ᠲᠦᠮᠡᠨ ᠳᠤ ᠤᠷ᠎ᠠ ᠴᠢᠳᠠᠪᠤᠷᠢ ᠪᠠᠷ ᠪᠠᠶᠠᠵᠢᠬᠤ ᠰᠢᠨ᠎ᠡ ᠡᠭᠦᠳᠡ ᠶᠢ ᠨᠡᠭᠡᠭᠡᠵᠦ ᠥᠭᠬᠦ ᠶᠢᠨ ᠲᠥᠯᠥᠭᠡ ᠶᠤᠮ᠃ ᠡᠭᠦᠨ ᠤ ᠬᠠᠮᠲᠤ᠂ ᠰᠢᠰᠲ᠋ᠧᠮ ᠲᠠᠢ ᠲᠡᠵᠢᠭᠡᠨ ᠦᠷᠡᠵᠢᠭᠦᠯᠬᠦ ᠪᠣᠯᠪᠠᠰᠤᠷᠠᠯ᠂ ᠭᠡᠷ᠎ᠡ ᠲᠣᠭᠲᠠᠨ ᠬᠠᠮᠲᠤᠷᠠᠯᠴᠠᠬᠤ᠂ ᠨᠡᠷᠡᠲᠦ ᠲᠡᠮᠳᠡᠭᠲᠦ ᠶᠢ ᠪᠤᠶᠢᠵᠢᠭᠤᠯᠬᠤ ᠪᠠᠷ ᠳᠠᠮᠵᠢᠭᠤᠯᠤᠨ᠂ ︽ᠨᠢᠭᠡ ᠬᠥᠮᠦᠨ ᠢ ᠪᠣᠯᠪᠠᠰᠤᠷᠠᠭᠤᠯᠪᠠᠯ᠂ ᠨᠢᠭᠡ ᠬᠥᠮᠦᠨ ᠳᠤ ᠠᠵᠢᠯ ᠣᠯᠭᠤᠵᠤ᠂ ᠨᠢᠭᠡ ᠡᠷᠦᠬᠡ ᠶᠢ ᠨᠡᠮᠡᠭᠳᠡᠭᠦᠯᠬᠦ︾ ᠦᠷᠭᠦᠯᠵᠢᠯᠡᠬᠦ ᠬᠥᠭᠵᠢᠯᠲᠡ ᠶᠢᠨ ᠵᠠᠮ ᠢ ᠪᠣᠢ ᠪᠣᠯᠭᠠᠵᠤ᠂ ᠨᠡᠩ ᠴᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠴᠢᠬᠤᠯᠠ ᠭᠠᠷᠳᠠᠴᠠ ᠪᠣᠯᠤᠨ᠎ᠠ᠃     ︽ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠵᠤ᠂ ᠠᠵᠤ ᠦᠢᠯᠡᠰ ᠤᠨ ᠬᠥᠭᠵᠢᠯ ᠪᠠᠳᠠᠷᠠᠯ ᠢᠶᠠᠷ ᠤᠳᠤᠷᠢᠳᠤᠮᠵᠢ ᠪᠣᠯᠭᠠᠵᠤ᠂ ︿ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠬᠠᠨᠳᠤᠯᠭ᠎ᠠ﹀ ᠠᠵᠢᠯ ᠣᠯᠭᠤᠯᠲᠠ ᠶᠢᠨ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ︾ ᠭᠤᠷᠪᠠ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ᠬᠢᠩᠭᠠᠨ ᠤ ᠲᠣᠰᠤᠨ ᠲᠠᠬᠢ᠊ ᠡᠶ᠎ᠡ ᠶᠢ ᠲᠡᠵᠢᠭᠡᠨ ᠦᠷᠡᠵᠢᠭᠦᠯᠬᠦ᠂ ᠭᠡᠷ ᠤᠨ ᠵᠢᠭᠦᠷᠲᠡᠨ ᠤ ᠬᠢᠵᠢᠭ ᠢ ᠰᠡᠷᠭᠡᠶᠢᠯᠡᠬᠦ ᠵᠡᠷᠭᠡ ᠮᠡᠷᠭᠡᠵᠢᠯ ᠤᠨ ᠠᠵᠢᠯ ᠤᠨ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠠᠪᠴᠠᠩ ᠢᠶᠠᠷ ᠲᠠᠮᠵᠢᠨ᠂ ︿ᠬᠢᠩᠭᠠᠨ ᠤ ᠲᠣᠰᠤᠨ ᠲᠠᠬᠢ᠊ ᠡᠶ᠎ᠡ ᠲᠡᠵᠢᠭᠡᠨ ᠦᠷᠡᠵᠢᠭᠦᠯᠬᠦ﹀ ᠪᠣᠯᠪᠠᠰᠤᠷᠠᠯ ᠤᠨ ᠲᠦᠷᠦᠯ ᠲᠡᠮᠳᠡᠭ ᠤᠨ ᠬᠡᠷᠡᠭᠯᠡᠭᠡᠨ ᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯ ᠣᠯᠭᠤᠯᠲᠠ ᠶᠢᠨ ᠦᠨ᠎ᠡ ᠴᠡᠨ᠎ᠡ ᠶᠢ ᠳᠡᠭᠡᠭᠰᠢᠯᠡᠭᠦᠯᠵᠦ᠂ ᠭᠡᠷ ᠤᠨ ᠡᠭᠦᠳᠡᠨ ᠳᠤ ᠠᠵᠢᠯ ᠣᠯᠬᠤ ᠶᠢ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︿ᠵᠣᠯ ᠵᠢᠷᠭᠠᠯᠲᠤ ᠲᠦᠷᠭᠡᠨ ᠲᠡᠷᠭᠡ﹀ ᠶᠢ ᠨᠡᠩ ᠣᠯᠠᠨ ᠮᠠᠯᠴᠢᠨ ᠲᠠᠷᠢᠶᠠᠴᠢᠨ ᠢ ᠠᠴᠢᠶᠠᠯᠠᠵᠤ᠂ ᠬᠠᠮᠲᠤ ᠪᠠᠷ ᠴᠢᠨᠡᠭᠡᠯᠢᠭᠵᠢᠬᠦ ᠰᠠᠶᠢᠨ ᠰᠠᠶᠢᠬᠠᠨ ᠢᠷᠡᠭᠡᠳᠦᠢ ᠵᠦᠭ ᠤᠷᠤᠭᠰᠢᠯᠠᠭᠤᠯᠪᠠ︾ ᠭᠡᠵᠦ ᠬᠡᠯᠡᠪᠡ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠲᠤᠰᠢᠶᠠᠯ ᠤᠨ ᠲᠠᠰᠤᠭ ᠤᠨ ᠳᠠᠷᠤᠭ᠎ᠠ ᠾᠦᠸᠧ ᠴᠧᠩ ᠯᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号