ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠦ ᠬᠦᠭᠵᠢᠯᠲᠦ ᠨᠡᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2025/5/29
         5 ᠰᠠᠷ᠎ᠠ ᠶᠢᠨ 13 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠦ ᠬᠦᠭᠵᠢᠯᠲᠦ ᠨᠡᠷ ᠭᠤᠣᠯ ᠤᠨ ᠪᠠᠶᠢᠰᠢᠩ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ᠌᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠤᠷᠭᠠᠯᠲᠤ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠪᠠ᠃ ᠪᠦᠦ ᠬᠤᠰᠢᠭᠤᠨ ᠳᠠᠷᠤᠭ᠎ᠠ ᠨᠠᠷ ᠭᠤᠣᠯ ᠤᠨ ᠪᠠᠶᠢᠰᠢᠩ ᠪᠠᠯᠭᠠᠰᠤᠨ ᠤ ᠰᠠᠮᠠᠭ᠎ᠠ ᠭᠠᠴᠠᠭᠠᠨ ᠤ ᠡᠯᠡᠰᠦ ᠶᠢ ᠵᠠᠰᠠᠬᠤ ᠲᠥᠷᠥᠯ ᠵᠦᠢᠯ ᠤᠨ ᠲᠣᠭᠤᠷᠢᠭ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠴᠠᠭᠠᠨ ᠤ ᠡᠯᠡᠰᠦ ᠶᠢ ᠵᠠᠰᠠᠬᠤ ᠲᠥᠷᠥᠯ ᠵᠦᠢᠯ ᠤᠨ ᠣᠷᠣᠨ ᠤ ᠣᠳᠣᠬᠢ ᠪᠠᠶᠢᠳᠠᠯ᠂ ᠵᠠᠰᠠᠯᠲᠠ ᠶᠢᠨ ᠠᠷᠭ᠎ᠠ ᠬᠡᠮᠵᠢᠶ᠎ᠡ᠂ ᠵᠠᠰᠠᠯᠲᠠ ᠶᠢᠨ ᠠᠬᠢᠴᠠ᠂ ᠴᠢᠬᠢ ᠮᠣᠳᠣ ᠲᠠᠷᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠦᠲᠦᠭᠡᠯᠴᠢ ᠴᠢᠨᠠᠷᠲᠠᠢ ᠰᠠᠨᠠᠯ ᠳᠤᠷᠠᠳᠪᠠ᠃ ᠪᠦᠦ ᠬᠦᠭᠵᠢᠯᠲᠦ ᠴᠢᠬᠤᠯᠠᠴᠢᠯᠠᠭᠰᠠᠨ ᠨᠢ᠂ ᠨᠢᠭᠡ ᠳᠤ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠨ ᠨᠠᠷᠢᠯᠢᠭ ᠠᠳᠬᠤᠵᠤ᠂ ᠲᠥᠷᠥᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ᠂ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号