︽ᠬᠥᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠢ ᠰᠢᠭᠰᠢᠨ ᠪᠠᠶᠢᠴᠠᠭᠠᠬᠤ | ᠪᠣᠯ ᠡᠮᠡᠭᠲᠡᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ︽ᠡᠮᠦᠨ᠎ᠡ ᠹᠷᠣᠨᠲ ᠤᠨ ᠰᠡᠷᠭᠡᠶᠢᠯᠡᠯᠳᠡ ᠶᠢᠨ ᠱᠤᠭᠤᠮ︾ | ᠪᠣᠯᠤᠨ᠎ᠠ᠃ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠠᠮ ᠣᠯᠠᠨ ᠲᠦᠮᠡᠨ ᠤ | ᠠᠵᠢᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠡᠭᠦᠷᠭᠡ ᠶᠢᠨ ᠨᠠᠷᠢᠨ ᠲᠠᠩᠰᠠ ᠶᠢ ᠯᠠᠪᠳᠠᠭᠤᠨ ᠪᠠᠲᠤᠲᠠᠶ | ᠠᠬᠢᠭᠤᠯᠵᠤ᠂ ︽ᠬᠥᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠢ ᠰᠢᠭᠰᠢᠨ | ᠪᠠᠶᠢᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ᠭᠠᠴᠠᠭ᠎ᠠ ᠲᠣᠰᠬᠤᠨ ᠢᠶᠠᠷ ᠭᠦᠨᠵᠡᠭᠡᠶᠢᠷᠡᠨ ᠵᠣᠬᠢᠬᠤ ᠨᠠᠰᠤᠨ ᠤ | ᠡᠮᠡᠭᠲᠡᠶᠢᠴᠦᠳ ᠲᠤ ᠬᠥᠬᠦᠨ ᠪᠤᠯᠴᠢᠷᠬᠠᠶ ᠶᠢᠨ ᠥᠮᠡᠨ᠂ ᠰᠠᠪᠠ ᠶᠢᠨ ᠬᠦᠵᠦᠭᠦᠨ ᠤ ᠥᠮᠡᠨ ᠢ ᠦᠨ᠎ᠡ ᠲᠥᠯᠥᠪᠦᠷᠢ | ᠥᠬᠡᠶ ᠪᠠᠷ ᠰᠢᠭᠰᠢᠨ ᠪᠠᠶᠢᠴᠠᠭᠠᠬᠤ ᠠᠵᠢᠯ ᠢ ᠬᠢᠵᠦ᠂ ᠰᠢᠭᠰᠢᠨ ᠪᠠᠶᠢᠴᠠᠭᠠᠬᠤ ᠠᠵᠢᠯ ᠤᠨ ᠦᠢᠯᠡᠴᠢᠯᠡᠭᠡᠨ ᠤ ︽ | ᠴᠣᠩᠬᠤᠪᠴᠢ︾ ᠶᠢ ᠣᠯᠠᠨ ᠲᠦᠮᠡᠨ ᠤ ︽ᠬᠡᠷ ᠤᠨ ᠡᠭᠦᠳᠡᠨ︾ ᠳᠤ ᠬᠦᠷᠭᠡᠪᠡ᠃ ᠰᠢᠭᠰᠢᠨ ᠪᠠᠶᠢᠴᠠᠭᠠᠬᠤ | ᠳᠤᠭᠤᠶᠢᠯᠠᠩ ᠤᠨ ᠬᠢᠨ ᠠᠯᠢ ᠡᠷᠲᠡ ᠰᠢᠭᠰᠢᠨ ᠪᠠᠶᠢᠴᠠᠭᠠᠬᠤ ᠭᠠᠵᠠᠷ ᠲᠤ ᠬᠦᠷᠴᠦ᠂ ᠰᠢᠭᠰᠢᠨ ᠪᠠᠶᠢᠴᠠᠭᠠᠬᠤ | ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠪᠠᠶᠢᠯ᠎ᠠ᠃ ᠳᠠᠩᠰᠠᠯᠠᠬᠤ ᠭᠠᠵᠠᠷ ᠲᠤ᠂ ᠡᠮᠨᠡᠯᠭᠡ ᠶᠢᠨ ᠠᠵᠢᠯᠲᠠᠳ | ᠰᠢᠭᠰᠢᠨ ᠪᠠᠶᠢᠴᠠᠭᠠᠬᠤ ᠪᠠᠷ ᠢᠷᠡᠭᠰᠡᠨ ᠡᠮᠡᠭᠲᠡᠶᠢᠴᠦᠳ ᠤᠨ ᠦᠨᠳᠦᠰᠦᠨ ᠮᠡᠳᠡᠭᠡ ᠵᠠᠩᠭᠢ᠂ ᠦᠩᠭᠡᠷᠡᠭᠰᠡᠨ ᠤ | ᠡᠪᠡᠳᠴᠢᠨ ᠤ ᠪᠠᠶᠢᠳᠠᠯ ᠵᠡᠷᠭᠡ ᠶᠢ ᠬᠦᠯᠢᠴᠡᠩᠭᠦᠶ ᠪᠥᠭᠡᠳ ᠨᠠᠷᠢᠨ ᠨᠢᠮᠪᠠᠢ ᠠᠰᠠᠭᠤᠨ ᠯᠠᠪᠯᠠᠬᠤ ᠶᠢᠨ ᠬᠠᠮᠳᠤ ᠨᠠᠷᠢᠨ | ᠬᠢᠨᠠᠮᠠᠭᠠᠢ ᠲᠡᠮᠳᠡᠭᠯᠡᠯ ᠬᠢᠵᠠᠢ᠃ ᠪᠠᠶᠢᠴᠠᠭᠠᠯᠳᠠ ᠶᠢᠨ ᠲᠠᠰᠤᠭ ᠲᠤ᠂ ᠡᠮᠴᠢ ᠨᠡᠷ ᠡᠯ᠎ᠡ ᠵᠦᠢᠯ ᠤᠨ ᠪᠠᠶᠢᠴᠠᠭᠠᠯᠲᠠ | ᠬᠢᠵᠤ ᠶᠠᠭᠠᠷᠠᠯᠳᠤᠨ᠎ᠠ᠃ ᠡᠮᠨᠡᠯᠭᠡ ᠶᠢᠨ ᠠᠵᠢᠯᠲᠠᠳ ᠪᠠᠰᠠ ᠰᠠᠪᠠ ᠶᠢᠨ ᠬᠦᠵᠦᠭᠦᠨ ᠤ ᠥᠮᠡᠨ ᠪᠠ ᠬᠥᠬᠦᠨ | ᠪᠤᠯᠴᠢᠷᠬᠠᠶ ᠶᠢᠨ ᠥᠮᠡᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠲᠣᠭᠤᠷᠢᠨ ᠳᠤ ᠡᠷᠡᠭᠦᠯ ᠮᠡᠨᠳᠦ ᠶᠢᠨ ᠬᠥᠮᠦᠵᠢᠯ ᠬᠢᠵᠤ | ᠂ ︽ᠬᠦᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠤ ᠠᠶᠤᠯᠲᠠᠶ ᠡᠯᠧᠮᠧᠨ᠋ᠲ᠂ | ᠲᠥᠬᠦᠮ ᠪᠥᠭᠡᠳ ᠠᠮᠠᠷᠬᠠᠨ ᠬᠡᠷᠡᠭᠵᠢᠭᠦᠯᠬᠦ ᠥᠪᠡᠷ ᠢ ᠪᠠᠨ ᠪᠠᠶᠢᠴᠠᠭᠠᠬᠤ ᠠᠷᠭ᠎ᠠ ᠵᠢᠴᠢ ᠦᠨᠡᠨ ᠬᠦ ᠪᠦᠲᠦᠮᠵᠢᠲᠡᠶ | ᠤᠷᠢᠳᠴᠢᠯᠠᠨ ᠰᠡᠷᠭᠡᠶᠢᠯᠡᠬᠦ ᠠᠷᠭ᠎ᠠ ᠪᠣᠳᠣᠯᠭ᠎ᠠ ᠶᠢ ᠲᠠᠶᠢᠯᠪᠤᠷᠢᠯᠠᠪᠠ᠃ ᠵᠠᠯᠠᠶᠢᠳ ᠬᠤᠰᠢᠭᠤᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ︽ᠬᠦᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ ᠬᠦᠵᠤᠬᠦᠨ ᠤ ᠥᠮᠡᠨ︾ ᠢ | ᠰᠢᠭᠰᠢᠨ ᠪᠠᠶᠢᠴᠠᠭᠠᠬᠤ ᠡᠩᠨᠡᠭᠡ ᠶᠢ ᠵᠣᠬᠢᠶᠠᠨ ᠪᠠᠶᠢᠭᠤᠯᠵᠤ᠂ ︽ᠬᠦᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ | ᠬᠦᠵᠤᠬᠦᠨ ᠤ ᠥᠮᠡᠨ︾ ᠢ ᠤᠬᠠᠭᠤᠯᠬᠤ ᠪᠠ ᠰᠢᠭᠰᠢᠨ ᠪᠠᠶᠢᠴᠠᠭᠠᠬᠤ ᠶᠢ ᠶᠡᠬᠡᠪᠡᠷ ᠥᠷᠨᠢᠭᠦᠯᠵᠦ᠂ ᠬᠥᠳᠡᠭᠡ | ᠲᠣᠰᠬᠤᠨ ᠤ ᠡᠮᠡᠭᠲᠡᠶᠢᠴᠦᠳ ᠲᠤ ᠡᠷᠡᠭᠦᠯ ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ ᠥᠭᠪᠡ᠃ | 2025 ᠣᠨ ᠳᠤ᠂ ᠵᠠᠯᠠᠶᠢᠳ ᠬᠤᠰᠢᠭᠤ ᠬᠥᠬᠦᠨ ᠪᠤᠯᠴᠢᠷᠬᠠᠶ ᠶᠢᠨ ᠥᠮᠡᠨ ᠪᠤᠯᠤᠨ ᠰᠠᠪᠠ ᠶᠢᠨ ᠬᠦᠵᠦᠭᠦᠨ ᠤ | ᠥᠮᠡᠨ ᠤ ᠲᠠᠯ᠎ᠠ ᠪᠠᠷ 15000 ᠬᠥᠮᠦᠨ ᠢ ᠰᠢᠭᠰᠢᠨ ᠪᠠᠶᠢᠴᠠᠭᠠᠵᠤ᠂ ᠪᠣᠶ ᠪᠥᠬᠦᠶ ᠰᠤᠮᠤ ᠰᠢᠶᠠᠩ ᠪᠠᠯᠭᠠᠰᠤ ᠪᠠ | ᠨᠡᠶᠢᠭᠡᠮ ᠲᠣᠭᠤᠷᠢᠭ ᠢ ᠬᠠᠮᠤᠷᠬᠤ ᠪᠠᠷ ᠲᠦᠯᠤᠪᠯᠡᠵᠤ ᠪᠤᠢ᠃ ᠣᠲᠣ ᠪᠣᠯᠲᠠᠯ᠎ᠠ᠂ ᠰᠢᠭᠰᠢᠨ ᠪᠠᠶᠢᠴᠠᠭᠠᠬᠤ ᠳᠤᠭᠤᠶᠢᠯᠠᠩ | ᠨᠡᠶᠢᠲᠡ 86 ᠤᠳᠠᠭ᠎ᠠ ᠬᠥᠳᠡᠭᠡ ᠪᠠᠭᠤᠵᠤ᠂ ︽ᠬᠦᠬᠦᠨ ᠪᠤᠯᠴᠢᠷᠬᠠᠢ ᠶᠢᠨ ᠥᠮᠡᠨ ᠪᠤᠯᠤᠨ ᠰᠠᠪᠠ ᠶᠢᠨ | ᠬᠦᠵᠤᠬᠦᠨ ᠤ ᠥᠮᠡᠨ ᠢ ᠰᠢᠭᠰᠢᠨ ᠪᠠᠶᠢᠴᠠᠭᠠᠬᠤ︾ ᠠᠵᠢᠯ ᠳᠤ ᠨᠡᠶᠢᠲᠡ 6300 ᠭᠠᠷᠤᠶ ᠬᠥᠮᠦᠨ ᠢ ᠪᠠᠶᠢᠴᠠᠭᠠᠵᠠᠢ᠃ |