| | 5 ᠰᠠᠷ᠎ᠠ ᠶᠢᠨ 27 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ | ᠵᠧᠵᠢᠶᠠᠩ ᠤᠨ ᠵᠦᠩ ᠰᠢᠨ ᠠᠵᠤ ᠦᠢᠯᠡᠰ ᠤᠨ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠᠨ ᠮᠢᠩ ᠨᠡᠷ ᠲᠠᠢ | ᠠᠭᠤᠯᠵᠠᠵᠤ᠂ ᠵᠧᠨ ᠱᠢ ᠪᠦᠯᠦᠭᠯᠡᠯ ᠤᠨ ᠬᠢᠩᠭᠠᠨ ᠠᠶᠢᠮᠠᠭ ᠲᠤ ᠪᠡᠯᠡ ᠣᠷᠣᠭᠤᠯᠤᠯᠲᠠ ᠶᠢᠨ ᠰᠠᠯᠬᠢᠨ ᠤ ᠮᠠᠰᠢᠨ ᠤ | ᠢᠯᠲᠠᠰᠤ ᠶᠢᠨ ᠰᠢᠯ ᠰᠢᠷᠬᠡᠭ ᠢ ᠡᠰᠬᠡᠬᠦ ᠲᠦᠷᠦᠯ ᠵᠦᠢᠯ ᠤᠨ ᠤᠴᠢᠷ ᠶᠠᠪᠤᠳᠠᠯ ᠢ ᠵᠥᠪᠳᠡᠨ ᠶᠠᠷᠢᠯᠴᠠᠪᠠ᠃ | ᠰᠦᠬᠡ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭ᠎ᠠ ᠶᠢᠨ ᠡᠮᠦᠨ᠎ᠡ ᠠᠴᠠ ᠴᠧᠨ ᠵᠢᠶᠠᠨ ᠮᠢᠩ ᠨᠡᠷ ᠤᠨ | ᠠᠶᠢᠯᠠᠴᠢᠯᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠵᠧᠨ ᠱᠢ ᠪᠦᠯᠦᠭᠯᠡᠯ ᠤᠨ ᠪᠡᠯᠡ | ᠣᠷᠣᠭᠤᠯᠤᠯᠲᠠ ᠶᠢᠨ ᠲᠦᠷᠦᠯ ᠵᠦᠢᠯ ᠤᠨ ᠬᠢᠩᠭᠠᠨ ᠠᠶᠢᠮᠠᠭ ᠲᠤ ᠨᠤᠲᠤᠭᠰᠢᠭᠰᠠᠨ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ᠃ ᠲᠡᠷᠡ ᠬᠡᠯᠡᠬᠦ ᠳᠡᠭᠡᠨ᠂ ᠵᠧᠨ ᠱᠢ ᠪᠦᠯᠦᠭᠯᠡᠯ ᠪᠣᠯ ᠰᠢᠯ ᠰᠢᠷᠬᠡᠭ ᠤᠨ ᠠᠵᠤ ᠦᠢᠯᠡᠰ ᠤᠨ ᠪᠥᠬᠦ | ᠪᠥᠮᠪᠥᠷᠴᠡᠭ ᠤᠨ ᠳᠠᠭᠠᠭᠤᠯᠤᠭᠴᠢ ᠮᠥᠨ᠂ ᠣᠷᠣᠨ ᠨᠤᠲᠤᠭ ᠪᠠ ᠠᠵᠤ ᠠᠬᠤᠶᠢᠯᠠᠯ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠰᠠᠭᠤᠷᠢ ᠪᠠᠲᠤ᠂ ᠳᠠᠯᠳᠠ ᠬᠦᠴᠦᠨ ᠯᠤᠲᠤ ᠶᠡᠭᠡ᠂ ᠢᠷᠡᠭᠡᠳᠦᠶ ᠰᠠᠷᠠᠭᠤᠯ ᠠᠭᠤᠳᠠᠮ ᠶᠤᠮ | ᠭᠡᠵᠡᠶ᠃ ᠠᠵᠤ ᠠᠬᠤᠶᠢᠯᠠᠯ ᠤᠨ ᠬᠢᠨ ᠪᠡᠯᠡ ᠣᠷᠣᠭᠤᠯᠤᠯᠲᠠ ᠶᠢᠨ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠷᠣᠨ ᠨᠤᠲᠤᠭ ᠠᠵᠤ | ᠠᠬᠤᠶᠢᠯᠠᠯ ᠤᠨ ᠤᠯᠠᠨ ᠬᠦᠷᠢᠶᠡᠨ ᠤ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠥᠷᠭᠡᠳᠬᠡᠬᠦ ᠶᠢ ᠬᠦᠰᠡᠵᠦ ᠪᠠᠶᠢᠨ᠎ᠠ | ᠭᠡᠵᠦ ᠠᠶᠢᠮᠠᠭ ᠬᠤᠰᠢᠭᠤ ᠬᠤᠶᠠᠷ ᠱᠠᠲᠤᠨ ᠤ ᠬᠢᠨ ᠦᠢᠯᠡᠴᠢᠯᠡᠭᠡᠨ ᠤ ᠪᠠᠲᠤᠯᠠᠭ᠎ᠠ ᠶᠢ ᠨᠠᠷᠢᠨ ᠨᠢᠮᠪᠠᠶ ᠰᠠᠶᠢᠲᠤᠷ ᠬᠢᠵᠦ | ᠂ ᠠᠵᠤ ᠠᠬᠤᠶᠢᠯᠠᠯ ᠤᠨ ᠬᠢᠩᠭᠠᠨ ᠠᠶᠢᠮᠠᠭ ᠲᠤ ᠰᠠᠨᠠᠭ᠎ᠠ ᠠᠮᠤᠷ ᠪᠠᠯᠠ ᠣᠷᠣᠭᠤᠯᠬᠤ᠂ ᠰᠠᠨᠠᠭ᠎ᠠ ᠠᠮᠤᠷ ᠦᠢᠯᠡᠰ | ᠴᠣᠭᠴᠠᠯᠠᠬᠤ᠂ ᠰᠠᠨᠠᠭ᠎ᠠ ᠠᠮᠤᠷ ᠬᠥᠭᠵᠢᠬᠦ ᠳᠤ ᠬᠦᠴᠦ ᠨᠡᠮᠡᠷᠢᠯᠡᠨ᠎ᠡ ᠭᠡᠪᠡ᠃ | ᠴᠧᠨ ᠵᠢᠶᠠᠨ ᠮᠢᠩ ᠣᠷᠣᠨ ᠨᠤᠲᠤᠭ ᠠᠵᠤ ᠠᠬᠤᠶᠢᠯᠠᠯ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠲᠤᠬᠠᠢ ᠰᠠᠨᠠᠭᠤᠯᠭ᠎ᠠ ᠳᠤᠷᠠᠳᠴᠠᠢ᠃ ᠲᠡᠷᠡ᠂ ᠵᠧᠨ ᠱᠢ ᠪᠦᠯᠦᠭᠯᠡᠯ ᠤᠨ ᠡᠬᠢ ᠪᠠᠶᠠᠯᠢᠭ᠂ ᠠᠵᠤ | ᠦᠢᠯᠡᠰ᠂ ᠪᠡᠯᠡ ᠮᠥᠩᠭᠦ ᠪᠣᠯᠤᠨ ᠮᠡᠷᠭᠡᠵᠢᠯ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ | ᠨᠤᠲᠤᠭ ᠯᠤᠭ᠎ᠠ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠬᠢᠩᠭᠠᠨ | ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠡᠮᠵᠢᠨ᠎ᠠ ᠭᠡᠵᠦ ᠢᠯᠡᠳᠬᠡᠪᠡ᠃ | ᠠᠶᠢᠮᠠᠭ ᠤᠨ ᠤᠳᠤᠷᠢᠳᠤᠯᠭ᠎ᠠ ᠯᠢᠶᠠᠩ ᠶᠠᠨ ᠵᠢᠶᠦ᠋ᠨ ᠣᠷᠣᠯᠴᠠᠵᠠᠶ᠃ | | |