【 ᠦᠰᠦᠭ ᠪᠢᠴᠢᠭ ᠢᠶᠠᠷ ᠦᠬᠦᠯᠡᠬᠦᠢ】᠄ 2025 ᠣᠨ ᠤ ᠬᠢᠩᠭᠠᠨ ᠠᠶᠢᠮᠠᠭ ᠤᠨ ︽ᠦᠨᠳᠦᠰᠦᠲᠡᠨ ᠤ ᠲᠥᠷᠥ ᠶᠢᠨ ᠪᠣᠳᠣᠯᠭ᠎ᠠ  ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ  ᠬᠠᠤᠯᠢᠵᠢᠯ ᠤᠨ  ᠤᠬᠠᠭᠤᠯᠭ᠎ᠠ ᠶᠢᠨ ᠭᠠᠷᠠᠭ︾  ᠤᠨ ᠠᠵᠢᠯ ᠤᠨ ᠲᠦᠰᠦᠯ
ᠨᠡᠶᠢᠲᠡᠯᠡᠭᠰᠡᠨ ᠴᠠᠭ᠄
2025/5/29
 ᠴᠠᠭ ᠤᠨ ᠳᠤᠬᠢᠷᠠᠭᠤᠯᠭ᠎ᠠ       ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠄ 5 ᠰᠠᠷ᠎ᠠ ᠶᠢᠨ 1 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠦᠨᠳᠦᠰᠦᠲᠡᠨ ᠤ  ᠬᠠᠤᠯᠢᠵᠢᠯ ᠤᠨ ᠤᠬᠠᠭᠤᠯᠭ᠎ᠠ ᠶᠢᠨ ᠭᠠᠷᠠᠭ᠄ 5 ᠰᠠᠷ᠎ᠠ ᠶᠢᠨ 25 ᠤ ᠡᠳᠦᠷ ᠠᠴᠠ 5 ᠰᠠᠷ᠎ᠠ ᠶᠢᠨ 31 ᠤ ᠡᠳᠦᠷ ᠪᠣᠯᠲᠠᠯ᠎ᠠ ᠭᠤᠤᠯ ᠰᠡᠳᠦᠪᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃    ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠣᠯᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠵᠦ᠂  ᠲᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠡᠷ ᠢ ᠪᠠᠳᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠳᠠᠭᠠᠭᠤᠯᠵᠤ ︽ᠬᠤᠶᠠᠷ ᠢ ᠲᠣᠭᠲᠠᠭᠠᠬᠤ︾ ᠶᠢ ᠪᠠᠲᠤᠳᠬᠠᠵᠤ᠂ ︽ᠬᠤᠶᠠᠷ ᠶᠢ ᠬᠠᠮᠠᠭᠠᠯᠠᠬᠤ ︾ ᠢ ᠡᠷᠡᠰ ᠪᠡᠶᠡᠯᠡᠭᠦᠯᠬᠦ ᠬᠡᠷᠡᠭᠲᠡᠢ᠃ ︽ᠬᠤᠶᠠᠷ ᠣᠷᠣᠨ ᠨᠢᠭᠡ ᠴᠣᠩᠬᠤᠪᠴᠢ︾ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ︽ᠲᠠᠪᠤᠨ ᠶᠡᠭᠡ ᠡᠭᠦᠷᠭᠡ︾ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠬᠢᠩᠭᠠᠨ ᠤ ᠬᠦᠴᠦᠨ ᠴᠢᠳᠠᠯ ᠢᠶᠠᠨ ᠢᠳᠡᠪᠬᠢᠲᠡᠶ ᠪᠠᠷ ᠨᠡᠮᠡᠷᠢᠯᠡᠨ᠎ᠡ᠃     ᠭᠤᠣᠯᠳᠠᠯᠭ᠎ᠠ ᠲᠠᠢ ᠤᠬᠠᠭᠤᠯᠬᠤ ᠠᠭᠤᠯᠭ᠎ᠠ     ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ︔ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ  ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ  ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︔ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠲᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ︽ᠮᠣᠩᠭᠤᠯ ᠮᠤᠷᠢᠨ ᠤ ᠵᠣᠷᠢᠭ ᠰᠠᠨᠠᠭ᠎ᠠ ︾ ᠪᠣᠯᠤᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠠᠷ ᠦᠨᠳᠦᠰᠦᠨ ᠠᠭᠤᠯᠤᠭᠳᠠᠬᠤᠨ ᠪᠣᠯᠭᠠᠭᠰᠠᠨ ᠤᠮᠠᠷᠠᠲᠤ ᠶᠢᠨ ᠰᠣᠶᠣᠯ ᠢ ᠪᠠᠳᠠᠷᠠᠭᠤᠯᠬᠤ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ  ᠲᠣᠭᠲᠠᠭᠠᠯ︾ ᠵᠡᠷᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠃     ᠠᠵᠢᠯ ᠤᠨ ᠲᠣᠬᠢᠷᠠᠭᠤᠯᠤᠯᠲᠠ      ᠲᠤᠰᠬᠠᠶ ᠬᠦᠷᠢᠶᠡᠨ ᠤ ᠠᠵᠢᠯ    ᠡᠨᠡ ᠵᠢᠯ ᠭᠠᠴᠠᠭ᠎ᠠ ᠲᠣᠰᠬᠤᠨ ᠪᠠ ᠨᠡᠶᠢᠭᠡᠮ ᠲᠣᠭᠤᠷᠢᠭ ᠲᠤ ᠭᠤᠤᠯᠳᠠᠯᠭ᠎ᠠ ᠲᠠᠢ ᠬᠠᠨᠳᠤᠭᠤᠯᠵᠤ᠂ ᠪᠠᠶᠢᠭᠤᠯᠤᠯᠭ᠎ᠠ᠂ ᠠᠵᠤ ᠠᠬᠤᠶᠢᠯᠠᠯ᠂ ᠰᠤᠷᠭᠠᠭᠤᠯᠢ᠂ ᠰᠤᠮᠤᠨ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠭᠠᠵᠠᠷ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ 9 ᠬᠦᠷᠢᠶ᠎ᠡ ᠵᠢᠴᠢ ᠨᠡᠶᠢᠭᠡᠮ ᠤᠨ ᠡᠯ᠎ᠡ ᠬᠦᠷᠢᠶ᠎ᠡ ᠶᠢ ᠨᠢᠭᠡᠳᠦᠯᠲᠡᠶ ᠲᠥᠯᠥᠪᠯᠡᠨ᠎ᠡ᠃    ᠪᠠᠶᠢᠭᠤᠯᠭ᠎ᠠ ᠳᠤ ᠣᠷᠣᠬᠤ    ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ᠂ ᠪᠠᠶᠢᠭᠤᠯᠤᠯᠭ᠎ᠠ ᠶᠢᠨ ᠺᠠᠳ᠋ᠷᠴᠤᠳ ᠤᠨ ᠤᠯᠤᠰ ᠲᠥᠷᠥ ᠣᠨᠣᠯ ᠤᠨ ᠰᠤᠷᠤᠯᠴᠠᠯᠭ᠎ᠠ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠪᠠᠶᠠᠯᠢᠭ ᠠᠭᠤᠯᠤᠭᠳᠠᠬᠤᠨ ᠢ ᠨᠠᠩ ᠭᠦᠨᠵᠡᠭᠡᠶ ᠲᠠᠨᠢᠭᠤᠯᠵᠤ ᠪᠠᠲᠤ ᠪᠠᠬᠢ ᠪᠣᠯᠭᠠᠨ᠎ᠠ᠃ ᠪᠠᠶᠢᠭᠤᠯᠤᠯᠭ᠎ᠠ ᠶᠢᠨ ᠨᠠᠮ ᠤᠨ ᠭᠡᠰᠢᠭᠦᠨ ᠺᠠᠳ᠋ᠷ᠂ ᠠᠵᠢᠯ ᠠᠴᠠ ᠪᠠᠨ ᠠᠮᠠᠷᠠᠭᠰᠠᠨ ᠺᠠᠳ᠋ᠷ᠂ ᠲᠤᠰᠬᠠᠶ ᠮᠡᠷᠭᠡᠵᠢᠯᠲᠡᠨ ᠡᠷᠳᠡᠮᠲᠡᠨ ᠤ  ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠬᠤᠣᠰᠯᠠᠯ ᠪᠠᠶᠢᠭᠤᠯᠵᠤ ᠬᠠᠮᠲᠤ ᠪᠠᠷ ᠪᠠᠶᠢᠭᠤᠯᠬᠤ᠂ ᠬᠤᠶᠠᠷ ᠢ ᠮᠡᠳᠡᠭᠦᠯᠵᠦ ᠬᠤᠶᠠᠷ ᠢ ᠦᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ  ᠦᠢᠯᠡᠴᠢᠯᠡᠬᠦ ᠡᠲᠡᠭᠡᠳ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠴᠢᠮ ᠬᠦᠴᠢᠷᠲᠡᠶ ᠵᠣᠪᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ  ᠰᠢᠢᠳᠪᠦᠷᠢᠯᠡᠵᠦ ᠂ ᠪᠠᠶᠢᠭᠤᠯᠭ᠎ᠠ ᠶᠢᠨ ᠺᠠᠳ᠋ᠷᠴᠤᠳ ᠢ ᠬᠥᠲᠥᠯᠦᠨ ᠵᠢᠯᠣᠭᠤᠳᠴᠤ ᠪᠠᠶᠢᠭᠠᠳ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠬᠤ ᠪᠠ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠡᠪ ᠳᠠᠭᠤᠷᠢᠶᠠᠯ ᠪᠣᠯᠭᠠᠵᠤ᠂ ᠥᠯᠢᠭᠡᠷ ᠳᠠᠭᠤᠷᠢᠶᠠᠯ ᠪᠣᠯᠭᠠᠬᠤ ᠬᠡᠷᠡᠭᠲᠡᠶ᠃         ᠨᠡᠶᠢᠭᠡᠮ ᠲᠣᠭᠤᠷᠢᠭ ᠲᠤ ᠣᠷᠣᠬᠤ    ︽ᠲᠠᠪᠤᠨ ᠨᠢᠭᠡ︾ ᠶᠢᠨ ᠣᠯᠠᠨ ᠲᠦᠮᠡᠨ ᠤ ᠠᠵᠢᠯ ᠤᠨ ᠠᠷᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠠᠮ ᠪᠠ ᠣᠯᠠᠨ ᠲᠦᠮᠡᠨ ᠤ ᠦᠢᠯᠡᠴᠢᠯᠡᠭᠡᠨ  ᠤ ᠲᠥᠪ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠ ᠠᠳᠠᠯ ᠠᠬᠤᠶ ᠶᠢᠨ  ᠦᠢᠯᠡᠳᠦᠯ ᠢ ᠢᠳᠡᠪᠬᠢᠲᠡᠶ ᠪᠠᠳᠠᠷᠠᠭᠤᠯᠤᠨ᠂ ᠠᠳᠠᠯ ᠠᠬᠤᠶ ᠶᠢᠨ ᠸᠢᠴᠠᠲ ᠤᠨ ᠪᠦᠯᠦᠭ᠂ ᠦᠵᠡᠭᠦᠯᠦᠯᠭᠡ ᠶᠢᠨ ᠰᠠᠮᠪᠠᠷ᠎ᠠ ᠵᠡᠷᠭᠡ ᠶᠢ ᠠᠰᠢᠭᠯᠠᠨ᠂ ᠬᠠᠮᠲᠤ ᠪᠠᠷ ᠰᠤᠷᠤᠯᠴᠠᠬᠤ᠂ ᠰᠣᠶᠣᠯ ᠢ ᠬᠠᠮᠲᠤ ᠪᠠᠷ ᠡᠳ᠋ᠯᠡᠬᠦ ᠶᠢ ᠬᠥᠲᠥᠯᠦᠨ ᠳᠠᠭᠠᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠪᠠ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠰᠢᠯᠢᠳᠡᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠲᠣᠭᠯᠠᠭᠤᠯᠤᠨ ᠨᠡᠪᠲᠡᠷᠡᠭᠦᠯᠬᠦ᠂ ᠬᠥᠷᠰᠢ ᠵᠡᠷᠭᠡᠯᠡᠳᠡᠭᠡ ᠪᠠᠷ ᠢᠶᠠᠨ ᠪᠦᠯᠬᠦᠮᠳᠡᠨ ᠬᠠᠪᠰᠤᠷᠤᠯᠴᠠᠵᠤ ᠬᠠᠷᠢᠯᠴᠠᠨ ᠬᠠᠪᠰᠤᠷᠤᠯᠴᠠᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠬᠤ ᠨᠡᠶᠢᠭᠡᠮ ᠤᠨ ᠨᠥᠬᠦᠴᠡᠯ ᠢ ᠢᠳᠡᠪᠬᠢᠲᠡᠶ ᠪᠠᠷ ᠪᠣᠢ ᠪᠣᠯᠭᠠᠨ᠎ᠠ᠃     ᠰᠤᠶᠤᠯ ᠵᠤᠭᠠᠴᠠᠯ ᠤᠨ ᠲᠠᠯᠠᠪᠤᠷ ᠲᠤ ᠣᠷᠣᠬᠤ  ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠤᠰᠬᠠᠵᠤ ᠳᠡᠶᠢᠯᠬᠦ ᠲᠡᠦᠬᠡ ᠶᠢᠨ ᠳᠤᠷᠠᠰᠬᠠᠯᠲᠤ ᠵᠦᠢᠯ ᠪᠠ ᠲᠡᠦᠬᠡ ᠶᠢᠨ ᠪᠣᠳᠠᠲᠤ ᠬᠡᠷᠡᠭ ᠢᠶᠠᠷ ᠠᠴᠢᠶᠠᠯᠠᠪᠤᠷᠢ ᠪᠣᠯᠭᠠᠵᠤ᠂ ᠵᠢᠷᠤᠭ ᠪᠢᠴᠢᠭ ᠬᠤᠣᠰᠯᠠᠭᠤᠯᠤᠭᠰᠠᠨ ᠳᠡᠯᠭᠡᠨ ᠦᠵᠡᠭᠦᠯᠬᠦ ᠰᠠᠮᠪᠠᠷ᠎ᠠ᠂ ᠤᠯᠠᠨ ᠵᠠᠭᠤᠴᠢᠳᠤ ᠳᠡᠯᠭᠡᠨ ᠦᠵᠡᠭᠦᠯᠦᠯᠭᠡ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠲᠡᠦᠬᠡ ᠶᠢᠨ ᠳᠤᠷᠠᠰᠬᠠᠯᠲᠤ ᠵᠦᠢᠯ ᠳᠤ ᠠᠭᠤᠯᠤᠭᠳᠠᠵᠤ ᠪᠠᠶᠢᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠠᠭᠤᠯᠤᠭᠳᠠᠬᠤᠨ ᠢ ᠲᠣᠳᠣᠷᠬᠠᠶᠢᠯᠠᠨ ᠲᠠᠶᠢᠯᠪᠤᠷᠢᠯᠠᠨ᠎ᠠ᠃ ᠣᠲᠣ ᠶᠢᠨ ᠪᠠᠶᠢᠭ᠎ᠠ ᠳᠡᠯᠭᠡᠨ ᠦᠵᠡᠭᠦᠯᠬᠦ ᠪᠠᠶᠢᠷᠢᠰᠢᠯ ᠲᠠᠢ ᠤᠶᠠᠯᠳᠤᠭᠤᠯᠤᠨ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠠ ᠳᠦᠷᠢ ᠲᠥᠷᠬᠦ ᠶᠢ ᠰᠢᠭᠢᠳᠬᠡᠨ ᠣᠷᠣᠭᠤᠯᠵᠤ᠂ ᠤᠬᠠᠭᠤᠯᠤᠨ ᠳᠡᠯᠭᠡᠨ ᠦᠵᠡᠭᠦᠯᠬᠦ ᠶᠢ ᠴᠢᠩᠭᠠᠳᠬᠠᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ ᠢ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠴᠢᠬᠤᠯᠠ ᠴᠣᠩᠬᠤ ᠪᠣᠯᠭᠠᠨ᠎ᠠ᠃     ᠡᠯ᠎ᠡ ᠬᠦᠷᠢᠶᠡᠨ ᠳᠤ ᠣᠷᠣᠬᠤ     ᠡᠯ᠎ᠡ ᠠᠵᠢᠯ ᠲᠦᠷᠦᠯ ᠤᠨ ᠬᠢᠨ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ᠂ ᠠᠷᠭ᠎ᠠ ᠬᠡᠯᠪᠡᠷᠢ ᠪᠣᠯᠤᠨ ᠠᠴᠢᠶᠠᠯᠠᠪᠤᠷᠢ ᠶᠢᠨ ᠰᠢᠨ᠎ᠡ ᠶᠢ ᠢᠳᠡᠪᠬᠢᠲᠡᠢ ᠡᠭᠦᠳᠴᠦ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠠᠮᠲᠤ ᠶᠢᠨ ᠤᠬᠠᠮᠰᠠᠷ ᠂ ᠡᠵᠡᠨ ᠬᠥᠮᠦᠨ ᠤ ᠤᠬᠠᠮᠰᠠᠷ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠬᠠᠮᠰᠠᠷ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠤᠬᠠᠮᠰᠠᠷ ᠢ ᠪᠤᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠭᠤᠤ ᠶᠡᠭᠡ ᠦᠢᠯᠡᠳᠦᠯᠭᠡ ᠳᠤ ᠤᠬᠠᠮᠰᠠᠷ ᠠᠴᠠ ᠪᠠᠨ ᠣᠷᠣᠯᠴᠠᠭᠤᠯᠤᠨ᠎ᠠ᠃    ᠭᠤᠣᠯ ᠲᠠᠯᠠᠪᠤᠷ ᠤᠨ ᠠᠵᠢᠯ ᠤᠨ ᠭᠤᠣᠯᠳᠠᠯᠭ᠎ᠠ    ᠭᠠᠴᠠᠭ᠎ᠠ ᠲᠣᠰᠬᠤᠨ ᠳᠤ ᠣᠴᠢᠬᠤ    ︽ᠲᠠᠪᠤᠨ ᠨᠢᠭᠡ︾ ᠶᠢᠨ ᠤᠯᠠᠨ ᠲᠦᠮᠡᠨ ᠤ ᠠᠵᠢᠯ ᠤᠨ ᠠᠷᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠬᠠᠮᠲᠤ ᠪᠠᠷ ᠰᠤᠷᠤᠯᠴᠠᠬᠤ ᠶᠢ ᠬᠥᠲᠥᠯᠥᠨ ᠵᠢᠯᠣᠭᠤᠳᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠨ᠎ᠠ᠃ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠪᠠᠭ ᠤᠨ ᠭᠡᠰᠢᠭᠦᠨ᠂ ᠲᠣᠰᠬᠤᠨ ᠳᠤ ᠰᠠᠭᠤᠭ᠎ᠠ ᠠᠵᠢᠯ ᠤᠨ ᠠᠩᠭᠢ ᠂ ᠠᠬᠠᠮᠠᠳ ᠨᠠᠮ ᠤᠨ ᠭᠡᠰᠢᠭᠦᠨ᠂ ︽ᠬᠠᠤᠯᠢ  ᠢ ᠮᠡᠳᠡᠭᠴᠢ ︾᠂ ᠮᠠᠯᠵᠢᠬᠤ ᠲᠠᠷᠢᠶᠠᠯᠠᠬᠤ ᠣᠷᠣᠨ ᠤ ᠬᠠᠤᠯᠢ ᠰᠤᠷᠴᠤ ᠬᠠᠤᠯᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ᠂ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠵᠡᠷᠭᠡ ᠨᠢ ᠡᠳᠦᠷ ᠲᠤᠲᠤᠮ ᠤᠨ ᠡᠷᠦᠬᠡ ᠪᠠᠷ ᠬᠦᠷᠴᠦ ᠰᠤᠷᠪᠤᠯᠵᠢᠯᠠᠬᠤ ᠲᠠᠢ ᠤᠶᠠᠯᠳᠤᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠬᠠᠮᠲᠤ ᠬᠡᠷ ᠤᠨ ᠵᠣᠭᠤᠭ ᠳᠡᠯᠭᠡᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠶᠠᠷᠢᠯᠴᠠᠵᠤ᠂ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠪᠠᠶᠢᠭᠠᠳ ᠠᠵᠤ  ᠦᠢᠡᠯᠰ ᠤᠨ ᠬᠥᠭᠵᠢᠯᠲᠡ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠦᠢᠯᠡᠳᠦᠯᠭᠡ ᠳᠤ ᠣᠷᠣᠯᠴᠠᠭᠤᠯᠤᠨ᠎ᠠ᠃     ᠰᠦᠯᠵᠢᠶᠡᠨ ᠳᠤ ᠣᠷᠣᠬᠤ    ︽ᠢᠨᠲ᠋ᠧᠷ ᠰᠦᠯᠵᠢᠶ᠎ᠡ + ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ   ᠪᠠᠳᠣᠳᠬᠠᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠡᠯ᠎ᠡ ᠰᠠᠯᠠᠭ᠎ᠠ ᠮᠥᠴᠢᠷ  ᠨᠢᠭᠡᠴᠢ ᠢᠯᠠᠩᠭᠤᠶ᠎ᠠ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ  ᠨᠢᠭᠡᠴᠢ ᠨᠦᠭᠦᠳ  ᠠᠯᠪᠠᠨ ᠰᠦᠯᠵᠢᠶ᠎ᠡ ᠪᠤᠶᠤ ᠸᠢᠴᠠᠲ ᠤᠨ ᠨᠡᠶᠢᠲᠡ ᠶᠢᠨ ᠳ᠋ᠤᠭᠠᠷ ᠲᠤ ᠤᠬᠠᠭᠤᠯᠬᠤ ᠲᠤᠰᠬᠠᠶ ᠪᠤᠯᠤᠩ ᠭᠠᠷᠭᠠᠵᠤ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠨ᠎ᠠ᠃ ᠡᠯ᠎ᠡ ᠭᠤᠣᠯ ᠤᠷᠤᠰᠬᠠᠯ ᠤᠨ ᠵᠠᠭᠤᠴᠢᠯᠠᠭᠤᠷ ᠤᠨ ᠬᠢᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠤ ᠢᠷᠭᠡᠳ ᠤᠨ ᠳᠤᠷᠠᠲᠠᠶ᠎ᠠ ᠬᠦᠯᠢᠶᠡᠨ ᠠᠪᠬᠤ ᠣᠬᠤᠷ ᠸᠢᠳᠢᠣ᠋ ᠵᠡᠷᠭᠡ ᠪᠦᠲᠦᠭᠡᠯ ᠢ ᠵᠣᠬᠢᠶᠠᠨ ᠲᠠᠨᠢᠯᠴᠠᠭᠤᠯᠵᠤ᠂ ᠢᠨᠲ᠋ᠧᠷ ᠰᠦᠯᠵᠢᠶ᠎ᠡ  ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠠᠮᠤᠭ ᠤᠨ ᠶᠡᠭᠡ ᠨᠡᠮᠡᠭᠳᠡᠯ ᠤᠨ  ᠬᠡᠮᠵᠢᠶ᠎ᠡ ᠪᠣᠯᠭᠠᠬᠤ ᠬᠡᠷᠡᠭᠲᠡᠢ᠃    ᠠᠵᠤ ᠠᠬᠤᠶᠢᠯᠠᠯ ᠳᠤ ᠣᠷᠣᠭᠤᠯᠬᠤ    ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠲᠠᠢ ᠤᠶᠠᠯᠳᠤᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠰᠤᠷᠤᠯᠴᠠᠯᠭ᠎ᠠ ᠳᠤ ᠬᠦᠷᠭᠡᠬᠦ᠂ ᠪᠣᠯᠪᠠᠰᠤᠷᠠᠯ ᠳᠤ ᠬᠦᠷᠭᠡᠬᠦ᠂ ᠲᠥᠷᠥ ᠶᠢᠨ ᠪᠣᠳᠣᠯᠭ᠎ᠠ ᠳᠤ ᠬᠦᠷᠭᠡᠬᠦ᠂ ᠬᠠᠤᠯᠢ ᠴᠠᠭᠠᠵᠠ ᠳᠤ ᠬᠦᠷᠭᠡᠬᠦ᠂ ᠦᠢᠯᠡᠴᠢᠯᠡᠭᠡ ᠶᠢ ᠦᠢᠯᠡᠳᠪᠦᠷᠢ ᠶᠢᠨ ᠲᠠᠰᠤᠭ ᠪᠠ ᠡᠭᠡᠯᠵᠢ ᠳᠤᠭᠤᠶᠢᠯᠠᠩ ᠳᠤ ᠬᠦᠷᠭᠡᠬᠦ  ᠠᠵᠢᠯᠯᠠᠭ᠎ᠠ ᠶᠢ ᠦᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠵᠣᠬᠢᠶᠠᠨ ᠪᠠᠶᠢᠭᠤᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠤᠰᠬᠠᠶ ᠰᠡᠳᠦᠪᠲᠦ ᠨᠠᠮ ᠤᠨ ᠬᠢᠴᠢᠶᠡᠯ  ᠶᠢ ᠶᠠᠷᠢᠭᠤᠯᠵᠤ᠂ ᠡᠪᠯᠡᠯ ᠤᠨ ᠪᠠᠶᠢᠭᠤᠯᠤᠯᠲᠠ ᠶᠢᠨ ᠠᠵᠢᠯᠯᠠᠭ᠎ᠠ ᠵᠢᠴᠢ ᠰᠢᠯᠢᠳᠡᠭ ᠨᠠᠮ ᠤᠨ ᠭᠡᠰᠢᠭᠦᠨ᠂ ᠠᠵᠢᠯ ᠲᠦᠷᠦᠯ ᠤᠨ ᠵᠢᠱᠢᠶᠡᠴᠢ᠂ ᠬᠥᠳᠡᠯᠮᠦᠷᠢ ᠶᠢᠨ ᠵᠢᠱᠢᠶᠡᠴᠢ ᠤᠷᠠᠨ ᠲᠠᠷᠬᠠᠨ ᠵᠡᠷᠭᠡ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠂ ᠠᠵᠢᠯᠳᠠᠨ ᠠᠵᠢᠯᠴᠢᠨ ᠤ ᠦᠰᠦᠨ ᠪᠤᠶᠢᠵᠢᠯᠲᠠ ᠪᠠ ᠠᠵᠤ ᠠᠬᠤᠶᠢᠯᠠᠯ ᠤᠨ ᠬᠥᠭᠵᠢᠯᠲᠡ ᠵᠡᠷᠭᠡ ᠪᠠᠷ ᠬᠥᠭᠵᠢᠭᠰᠡᠨ ︽ᠬᠤᠯᠪᠣᠯᠳᠤᠭᠰᠠᠨ ᠬᠥᠭᠦᠷᠭᠡ︾ ᠶᠢ ᠪᠠᠶᠢᠭᠤᠯᠵᠤ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠤᠨ᠎ᠠ᠃     ᠰᠤᠮᠤᠨ  ᠠᠩᠭᠢ ᠳᠤ ᠣᠷᠣᠬᠤ    ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠡᠯ᠎ᠡ ᠲᠥᠷᠥᠯ ᠤᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠯ ᠳᠤᠮᠳᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠬᠠᠤᠯᠢ ᠪᠠᠷ ᠵᠠᠰᠠᠬᠤ ᠬᠥᠮᠦᠵᠢᠯ ᠤᠨ ᠬᠠᠪᠰᠤᠷᠤᠨ ᠵᠢᠯᠣᠭᠤᠳᠬᠤ ᠬᠢᠴᠢᠶᠡᠯ ᠢ ᠲᠣᠬᠢᠷᠠᠭᠤᠯᠤᠨ ᠪᠠᠬᠢᠵᠢᠭᠦᠯᠵᠦ᠂ ᠬᠠᠪᠰᠤᠷᠤᠨ ᠳᠠᠭᠠᠭᠤᠯᠵᠤ ᠬᠠᠪᠰᠤᠷᠤᠨ ᠪᠠᠶᠢᠭᠤᠯᠬᠤ᠂ ᠴᠡᠭ ᠲᠤ ᠰᠠᠭᠤᠵᠤ ᠪᠠᠶᠢᠴᠠᠭᠠᠨ ᠰᠤᠳᠤᠯᠤᠯᠲᠠ ᠬᠢᠬᠦ ᠵᠡᠷᠭᠡ ᠲᠠᠢ ᠤᠶᠠᠯᠳᠤᠭᠤᠯᠤᠨ᠂ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠵᠦ᠂ ᠦᠨᠳᠦᠰᠦᠲᠡᠨ ᠨᠦᠭᠦᠳ ᠤᠨ ᠪᠠᠶᠢᠯᠳᠤᠭᠴᠢᠳ ᠢ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠯᠤᠰ ᠢᠶᠠᠨ ᠬᠦᠴᠦᠷᠬᠡᠭᠵᠢᠭᠦᠯᠬᠦ ᠴᠡᠷᠢᠭ ᠢᠶᠠᠨ ᠬᠦᠴᠦᠷᠬᠡᠭᠵᠢᠭᠦᠯᠬᠦ ᠦᠢᠯᠡᠳᠦᠯᠭᠡ ᠳᠤ ᠣᠷᠣᠯᠴᠠᠭᠤᠯᠬᠤ ᠪᠠᠷ ᠬᠥᠮᠦᠵᠢᠭᠦᠯᠦᠨ ᠬᠥᠲᠥᠯᠥᠨ ᠵᠢᠯᠣᠭᠤᠳᠤᠨ᠎ᠠ᠃    ᠱᠠᠰᠢᠨ ᠰᠤᠷᠲᠠᠬᠤᠨ ᠤ ᠠᠵᠢᠯᠯᠠᠭᠠᠨ ᠤ ᠭᠠᠵᠠᠷ ᠲᠤ ᠣᠷᠣᠬᠤ    ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ  ᠲᠤᠭᠤᠰᠢᠯᠠᠭᠤᠯᠵᠦ ᠂  ᠵᠢᠭᠠᠨ ᠰᠣᠷᠭᠠᠯᠳᠠ ᠶᠢᠨ ᠠᠵᠢᠯᠳᠠᠨ ᠪᠠ ᠱᠠᠰᠢᠨ ᠰᠢᠲᠦᠳᠡᠭ ᠤᠯᠠᠨ ᠲᠦᠮᠡᠨ ᠳᠤ ᠬᠠᠨᠳᠤᠭᠤᠯᠤᠨ ᠦᠨᠳᠦᠰᠦᠨ ᠬᠠᠤᠯᠢ ᠪᠠ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠡᠭᠡ ᠣᠷᠣᠨᠴᠢ ᠦᠵᠡᠯ ᠤᠨ ᠬᠥᠮᠦᠵᠢᠯ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠤᠢ ᠪᠣᠯᠭᠠᠬᠤ ᠤᠬᠠᠮᠰᠠᠷ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠵᠢᠭᠠᠨ ᠰᠣᠷᠭᠠᠯᠳᠠ ᠶᠢᠨ ᠠᠵᠢᠯᠳᠠᠨ ᠪᠠ ᠱᠠᠰᠢᠨ ᠰᠢᠲᠦᠳᠡᠭ ᠤᠯᠠᠨ ᠲᠦᠮᠡᠨ ᠤ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠤ ᠡᠶ᠎ᠡ ᠵᠣᠬᠢᠴᠠᠯ᠂ ᠨᠡᠶᠢᠭᠡᠮ ᠤᠨ ᠲᠣᠭᠲᠠᠭᠤᠨ ᠪᠠᠶᠢᠳᠠᠯ ᠢ ᠤᠬᠠᠮᠰᠠᠷ ᠠᠴᠠ ᠪᠠᠨ ᠬᠠᠮᠠᠭᠠᠯᠠᠬᠤ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠤᠨ᠎ᠠ᠃        ᠰᠤᠷᠭᠠᠭᠤᠯᠢ ᠳᠤ ᠣᠷᠣᠬᠤ    ᠵᠠᠯᠠᠭᠤᠴᠤᠳ ᠪᠠᠭᠠᠴᠤᠳ ᠤᠨ ᠣᠨᠴᠠᠯᠢᠭ ᠲᠠᠢ ᠤᠶᠠᠯᠳᠤᠭᠤᠯᠤᠨ ᠪᠡᠶ᠎ᠡ ᠶᠢᠨ ᠲᠠᠮᠢᠷ ᠤᠨ ᠬᠥᠳᠡᠯᠭᠡᠭᠡᠨ᠂ ᠤᠷᠠᠯᠢᠭ ᠤᠨ ᠦᠵᠡᠭᠦᠯᠦᠯᠭᠡ ᠶᠢᠨ ᠲᠣᠭᠯᠠᠯᠲᠠ᠂ ᠬᠠᠤᠯᠢ ᠪᠠᠷ ᠵᠠᠰᠠᠬᠤ ᠲᠠᠶᠢᠯᠤᠮᠵᠢ ᠵᠡᠷᠭᠡ ᠤᠯᠠᠨ ᠵᠦᠢᠯ ᠤᠨ ᠬᠡᠯᠪᠡᠷᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠪᠠ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ  ᠠᠵᠢᠯᠯᠠᠭ᠎ᠠ ᠶᠢ ᠦᠷᠨᠢᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠬᠠᠨ ᠪᠠᠭ᠎ᠠ ᠠᠴᠠ ᠨᠢ ᠬᠡᠦᠬᠡᠳ ᠤᠨ ᠤᠶᠤᠨ ᠰᠠᠨᠠᠭᠠᠨ ᠳᠤ ᠬᠠᠳᠠᠩᠰᠢᠭᠤᠯᠤᠨ᠎ᠠ᠃    ᠰᠦᠯᠵᠢᠶᠡᠨ ᠤ ᠥᠷᠢᠰᠥᠯᠳᠦᠨ ᠬᠠᠷᠢᠭᠤᠯᠬᠤ ᠠᠵᠢᠯᠯᠠᠭ᠎ᠠ    ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠬᠤᠭᠤᠴᠠᠭᠠᠨ ᠳᠤ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠰᠦᠯᠵᠢᠶ᠎ᠡ ᠶᠢᠨ ᠱᠠᠩᠨᠠᠯ ᠲᠠᠢ ᠥᠷᠢᠰᠥᠯᠳᠦᠨ ᠬᠠᠷᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠰᠠᠯᠠᠭ᠎ᠠ ᠮᠥᠴᠢᠷ  ᠨᠢᠭᠡᠴᠢ  ᠨᠦᠭᠦᠳ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠳᠠᠮᠵᠢᠭᠤᠯᠤᠨ ᠠᠵᠢᠯᠯᠠᠭ᠎ᠠ ᠶᠢᠨ ᠴᠥᠷᠬᠡᠯᠡᠭᠡ ᠶᠢ ᠢᠳᠡᠪᠬᠢᠲᠡᠶ ᠳᠠᠮᠵᠢᠭᠤᠯᠤᠨ ᠲᠠᠷᠬᠠᠭᠠᠵᠤ ᠂ ᠠᠵᠢᠯᠯᠠᠭ᠎ᠠ ᠶᠢᠨ ᠬᠠᠮᠤᠷᠬᠤ ᠬᠡᠪᠴᠢᠶ᠎ᠡ ᠶᠢ ᠴᠢᠷᠮᠠᠶᠢᠨ ᠥᠷᠭᠡᠳᠬᠡᠵᠦ᠂ ᠨᠡᠶᠢᠭᠡᠮ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃     ᠵᠢᠱᠢᠶ᠎ᠡ ᠦᠵᠡᠭᠦᠯᠦᠨ ᠳᠠᠭᠠᠭᠤᠯᠬᠤ ᠠᠵᠢᠯᠯᠠᠭ᠎ᠠ    ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠨᠦᠭᠦᠳ ᠵᠢᠱᠢᠶ᠎ᠡ ᠦᠵᠡᠭᠦᠯᠵᠦ ᠦᠯᠢᠭᠡᠷ ᠳᠠᠭᠤᠷᠢᠶᠠᠯ ᠪᠣᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠠᠷᠭ᠎ᠠ ᠵᠠᠮ ᠢᠶᠠᠷ ᠤᠬᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠲᠦᠷᠦᠭᠦᠯᠡᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠤᠬᠠᠭᠤᠯᠤᠨ ᠲᠠᠶᠢᠯᠪᠤᠷᠢᠯᠠᠬᠤ ᠠᠵᠢᠯ ᠢ  ᠦᠷᠨᠢᠭᠦᠯᠦᠨ᠎ᠡ᠃ ᠡᠯ᠎ᠡ ᠱᠠᠲᠤᠨ ᠤ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠦᠢᠯᠡᠳᠦᠯᠭᠡ ᠶᠢᠨ ᠰᠠᠭᠤᠷᠢᠨ ᠢ ᠪᠠᠲᠤ ᠴᠣᠭᠴᠠᠯᠠᠵᠤ ᠬᠤᠯᠪᠣᠭᠠᠯᠠᠨ ᠰᠤᠷᠤᠯᠴᠠᠵᠤ ᠬᠤᠯᠪᠣᠭᠠᠯᠠᠨ ᠪᠠᠶᠢᠭᠤᠯᠬᠤ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠦᠷᠨᠢᠭᠦᠯᠦᠨ᠎ᠡ ᠃    ᠡᠵᠡᠨ ᠲᠠᠯᠠᠪᠤᠷ ᠤᠨ ᠠᠵᠢᠯᠯᠠᠭ᠎ᠠ    4 ᠰᠠᠷ᠎ᠠ ᠶᠢᠨ ᠰᠡᠭᠦᠯᠴᠢ ᠪᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠭᠤᠣᠯ ᠰᠡᠳᠦᠪᠲᠦ ᠠᠭᠤᠳᠠᠮ ᠲᠠᠯᠠᠪᠠᠢ ︵ ᠲᠦᠰᠢᠶᠡᠳᠦ ᠠᠭᠤᠳᠠᠮ ᠲᠠᠯᠠᠪᠠᠢ︶ ᠳᠤ ᠪᠦᠬᠦ ᠠᠶᠢᠮᠠᠭ ᠤᠨ ︽ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ︾᠂ ︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ ᠭᠠᠷᠠᠭ︾ ᠤᠨ ᠡᠬᠢᠯᠡᠯᠲᠡ ᠶᠢᠨ ᠶᠣᠰᠣᠯᠠᠯ ᠢ ᠡᠷᠬᠢᠯᠡᠬᠦ ᠶᠢᠨ ᠬᠠᠮᠲᠤ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ  ᠦᠷᠨᠢᠭᠦᠯᠦᠨ᠎ᠡ ᠃    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠡᠷ    ᠭᠤᠣᠯ ᠰᠡᠳᠦᠪᠲᠦ ᠣᠬᠤᠷ ᠸᠢᠳᠢᠣ᠋᠂ ᠵᠠᠷᠯᠠᠯ ᠬᠦᠷᠭᠡᠬᠦ ᠠᠵᠢᠯᠯᠠᠭ᠎ᠠ ᠤᠬᠠᠭᠤᠯᠭ᠎ᠠ ᠶᠢᠨ ᠰᠠᠷ᠎ᠠ᠂ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠰᠢᠷᠢᠰ ᠣᠬᠤᠷ ᠸᠢᠳᠢᠣ᠋᠂ ᠵᠠᠷᠯᠠᠯ ᠨᠡᠶᠢᠲᠡᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠳᠠᠮᠵᠢᠭᠤᠯᠤᠨ ᠲᠠᠷᠬᠠᠭᠠᠬᠤ ᠬᠡᠷᠡᠭᠲᠡᠢ᠃  ᠠᠵᠢᠯ ᠤᠨ ᠱᠠᠭᠠᠷᠳᠠᠯᠭ᠎ᠠ    ᠠᠵᠢᠯ ᠤᠨ ᠱᠠᠭᠠᠷᠳᠠᠯᠭ᠎ᠠ    ᠡᠯ᠎ᠡ ᠰᠠᠯᠠᠭ᠎ᠠ ᠮᠥᠴᠢᠷ  ᠨᠢᠭᠡᠴᠢ  ᠨᠦᠭᠦᠳ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠥᠷᠨᠢᠭᠦᠯᠬᠦ ᠳᠡᠭᠡᠨ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠴᠠᠭ ᠤᠨ ᠬᠡᠮᠵᠢᠶ᠎ᠡ ᠪᠠ ᠦᠷ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠶ︔ ᠠᠷᠭ᠎ᠠ ᠬᠡᠯᠪᠡᠷᠢ ᠶᠢ ᠠᠩᠬᠠᠷᠴᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠬᠤ ᠬᠡᠷᠡᠭᠲᠡᠢ︔ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠮᠠᠷᠬᠠᠨ ᠬᠦᠯᠢᠶᠡᠨ ᠠᠪᠬᠤ ᠬᠡᠯᠪᠡᠷᠢ ᠪᠠᠷ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠪᠣᠳᠠᠲᠤ ᠬᠡᠷᠡᠭ ᠤᠨ ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ ᠵᠢᠱᠢᠶ᠎ᠡ ᠪᠠᠷ ᠶᠣᠰᠣ ᠤᠴᠢᠷ ᠢ ᠲᠣᠳᠣᠷᠬᠠᠶᠢᠯᠠᠬᠤ ᠳᠠᠭᠠᠨ ᠴᠢᠳᠠᠮᠠᠭᠠᠶ ᠪᠠᠶᠢᠬᠤ ᠬᠡᠷᠡᠭᠲᠡᠶ︔ ᠪᠦᠲᠦᠮᠵᠢᠲᠡᠶ ᠲᠤᠷᠰᠢᠯᠭ᠎ᠠ ᠪᠠ ᠠᠷᠭ᠎ᠠ ᠶᠢ ᠴᠠᠭ ᠲᠤᠬᠠᠶ ᠳᠤᠨᠢ ᠳ᠋ᠦᠩᠨᠡᠵᠦ᠂ ᠨᠠᠮ ᠤᠨ ᠦᠨᠳᠦᠰᠦᠲᠡᠨ ᠤ ᠣᠨᠣᠯ ᠤᠨ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃      
 
ᠢᠷᠡᠯᠲᠡ᠄ ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号