ᠸᠧᠨᠴᠢᠤᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠵᠠᠮ ᠢ ᠬᠠᠶᠢᠷᠠᠯᠠᠵᠣ ᠬᠠᠮᠠᠭᠠᠯᠠᠬᠤ ᠠᠵᠢᠯᠯᠠᠭ᠎ᠠ ᠦᠷᠨᠢᠬᠦᠯᠵᠡᠢ
ᠨᠡᠶᠢᠲᠡᠯᠡᠭᠰᠡᠨ ᠴᠠᠭ᠄
2025/5/29
     ᠬᠠᠷᠢᠶ᠎ᠠ ᠣᠷᠣᠨ ᠤ ᠰᠠᠭᠤᠭᠠᠯᠢ ᠠᠷᠡᠳ ᠤᠨ ᠵᠠᠮ ᠢ ᠬᠠᠶᠢᠷᠠᠯᠠᠵᠣ ᠬᠠᠮᠠᠭᠠᠯᠠᠬᠤ ᠤᠬᠠᠮᠰᠠᠷ ᠢ ᠲᠡᠭᠡᠭᠰᠢᠯᠠᠬᠦᠯᠵᠤ᠂ ᠠᠮᠤᠷ ᠲᠦᠪᠰᠢᠨ ᠡᠮᠬᠢ ᠵᠢᠷᠤᠮ ᠲᠠᠢ ᠲᠡᠮᠦᠷ ᠵᠠᠮ ᠳᠠᠭᠠᠤ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠦᠯᠣᠭᠡ᠂ 5 ᠰᠠᠷ᠎ᠠ ᠶᠢᠨ 27 ᠤ ᠡᠳᠦᠷ᠂ ᠷᠡᠰᠢᠶᠠᠨ ᠬᠤᠳᠡ ᠶᠢᠨ ᠸᠧᠨᠴᠢᠤᠸᠠᠨ ᠵᠡᠭᠡᠯᠢ ᠶᠢᠨ ᠱᠧᠨᠴᠢᠣᠸᠠᠨ ᠨᠡᠶᠢᠭᠡᠮ ᠲᠣᠭᠤᠷᠢᠭ ᠵᠠᠮ ᠢ ᠬᠠᠶᠢᠷᠠᠯᠠᠵᠣ ᠬᠠᠮᠠᠭᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠠᠮ ᠢ ᠬᠠᠶᠢᠷᠠᠯᠠᠵᠣ ᠬᠠᠮᠠᠭᠠᠯᠠᠬᠤ ᠮᠡᠳᠡᠯᠭᠡ ᠶᠢ ᠰᠠᠭᠤᠭᠠᠯᠢ ᠠᠷᠠᠳ ᠲᠤ ᠬᠦᠷᠭᠡᠪᠡ᠃ ᠨᠡᠶᠢᠭᠡᠮ ᠲᠣᠭᠤᠷᠢᠭ ᠤᠨ ᠠᠵᠢᠯᠲᠠᠨ᠂ ᠲᠣᠣᠷᠵᠢᠭᠤᠯᠣᠬᠴᠢ᠂ ᠰᠠᠶᠢᠨ ᠳᠤᠷᠠᠴᠤᠣᠯ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ ᠲᠤ ᠲᠡᠮᠦᠷ ᠵᠠᠮ ᠤᠨ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠡᠶ᠃ ᠠᠵᠢᠯᠲᠠᠳ ᠳᠥᠭᠦᠮ ᠣᠶᠢᠯᠠᠭᠠᠮᠵᠢᠲᠠᠶ ᠦᠭᠡ ᠬᠡᠯᠡ ᠪᠠᠷ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠵᠤ᠂ ︽ᠲᠠᠪᠤᠨ ᠪᠣᠯᠬᠤ ᠦᠭᠡᠢ︾ ᠵᠠᠷᠴᠢᠮ ᠢ ᠭᠤᠤᠯᠳᠠᠯᠭ᠎ᠠ ᠲᠠᠢ ᠴᠢᠬᠤᠯᠠᠴᠢᠯᠠᠵᠣ᠂ ᠪᠠᠰᠠ ᠰᠠᠭᠤᠭᠠᠯᠢ ᠠᠷᠠᠳ ᠲᠤ ᠲᠡᠮᠦᠷ ᠵᠠᠮ ᠤᠨ ᠠᠮᠤᠷ ᠲᠦᠪᠰᠢᠨ ᠤ ᠳᠠᠯᠳᠠ ᠭᠡᠮ ᠢ ᠢᠯᠡᠷᠡᠭᠦᠯᠦᠭᠰᠡᠨ ᠵᠥᠪ ᠣᠨᠣᠪᠴᠢᠲᠠᠶ ᠰᠢᠢᠳᠪᠦᠷᠢᠯᠡᠬᠦ ᠠᠷᠭ᠎ᠠ ᠶᠢ ᠲᠠᠨᠢᠯᠴᠠᠭᠤᠯᠵᠤ᠂ ᠤᠯᠠᠨ ᠲᠦᠮᠡᠨ ᠤ ᠵᠠᠮ ᠢ ᠬᠠᠶᠢᠷᠠᠯᠠᠵᠣ ᠬᠠᠮᠠᠭᠠᠯᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃ ᠱᠧᠨᠴᠢᠣᠸᠠᠨ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠤᠬᠠᠭᠤᠯᠭ᠎ᠠ ᠶᠢᠨ ᠬᠡᠯᠪᠡᠷᠢ ᠶᠢ ᠰᠢᠨ᠎ᠡ ᠶᠢ ᠡᠭᠦᠳᠴᠦ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠂ ᠵᠠᠮ ᠢ ᠬᠠᠶᠢᠷᠠᠯᠠᠵᠣ ᠬᠠᠮᠠᠭᠠᠯᠠᠬᠤ ᠤᠬᠠᠮᠰᠠᠷ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ ᠶᠢ ᠬᠠᠮᠲᠤ ᠪᠠᠷ ᠬᠠᠮᠠᠭᠠᠯᠠᠨ᠎ᠠ᠃
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号