ᠭᠤᠣᠯ ᠤᠨ ᠪᠠᠶᠢᠰᠢᠩ ᠪᠠᠯᠭᠠᠰᠤ ᠴᠢᠬᠢ ᠰᠠᠭᠤᠯᠭᠠᠬᠤ ᠠᠵᠢᠯ ᠢ ᠰᠠᠶᠢᠳᠦᠷ ᠬᠢᠨ᠎ᠡ
ᠨᠡᠶᠢᠲᠡᠯᠡᠭᠰᠡᠨ ᠴᠠᠭ᠄
2025/5/29
         ᠣᠳᠣ ᠪᠣᠯ ᠶᠠᠭ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠣᠯ ᠤᠨ ᠪᠠᠶᠢᠰᠢᠩ ᠪᠠᠯᠭᠠᠰᠤᠨ ᠤ ᠤᠰᠤᠨ ᠲᠤᠲᠤᠷᠭ᠎ᠠ ᠲᠠᠷᠢᠬᠤ ᠡᠷᠦᠬᠡ ᠲᠠᠷᠢᠶᠠᠯᠠᠭ᠎ᠠ ᠶᠢᠨ ᠴᠠᠭ ᠢ ᠠᠮᠵᠢᠨ ᠠᠳᠬᠤᠵᠤ᠂ ᠴᠢᠬᠢ ᠵᠥᠭᠡᠭᠡᠪᠦᠷᠢᠯᠡᠨ ᠴᠢᠬᠢ ᠰᠠᠭᠤᠯᠭᠠᠵᠤ᠂ ᠲᠠᠷᠢᠶᠠᠨ ᠭᠠᠵᠠᠷ ᠭᠠᠵᠠᠷ ᠪᠣᠯᠭᠠᠨ ᠳᠤ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠪᠠᠶᠢᠳᠠᠯ ᠪᠣᠯᠤᠨ᠎ᠠ᠃ ᠭᠤᠣᠯ ᠤᠨ ᠪᠠᠶᠢᠰᠢᠩ ᠪᠠᠯᠭᠠᠰᠤᠨ ᠤ ᠴᠠᠭᠠᠨᠲᠣᠯᠣᠭᠠᠢ ᠭᠠᠴᠠᠭ᠎ᠠ ᠶᠢᠨ ᠲᠠᠷᠢᠬᠤ ᠡᠷᠦᠬᠡ ᠬᠠᠨ ᠹᠧᠩ ᠪᠣᠯ ᠲᠤᠬᠠᠢ ᠶᠢᠨ ᠭᠠᠵᠠᠷ ᠤᠨ ᠤᠰᠤᠨ ᠲᠤᠲᠤᠷᠭ᠎ᠠ ᠲᠠᠷᠢᠬᠤ ᠲᠣᠮᠣ ᠡᠷᠦᠬᠡ ᠪᠣᠯᠤᠨ᠎ᠠ᠂ ᠡᠨᠡ ᠵᠢᠯ ᠲᠡᠷᠡ 50 ᠬᠦᠯᠡᠮᠵᠢ ᠳᠤ ᠴᠢᠬᠢ ᠪᠤᠶᠢᠵᠢᠭᠤᠯᠵᠤ᠂ 2000 ᠮᠦ ᠭᠠᠵᠠᠷ ᠰᠢᠷᠣᠢ ᠶᠢ ᠳᠠᠭᠠᠭᠠᠴᠢᠯᠠᠨ ᠲᠤᠲᠤᠷᠭ᠎ᠠ ᠲᠠᠷᠢᠪᠠ᠃ ᠲᠤᠲᠤᠷᠭᠠᠨ ᠲᠠᠷᠢᠶᠠᠨ ᠳᠤ᠂ ᠴᠢᠬᠢ ᠵᠥᠭᠡᠭᠡᠪᠦᠷᠢᠯᠡᠵᠦ᠂ ᠴᠢᠬᠢ ᠰᠠᠭᠤᠯᠭᠠᠨ ᠁ ᠶᠠᠭᠠᠷᠠᠯᠲᠠᠢ ᠪᠠᠷ᠎ᠠ ᠭᠠᠵᠠᠷ ᠪᠣᠯᠭᠠᠨ ᠳᠤ ᠬᠠᠷᠠᠭᠳᠠᠨ᠎ᠠ᠃ ᠲᠠᠷᠢᠮᠠᠯ ᠤᠨ ᠡᠷᠦᠬᠡ ᠴᠢᠬᠢ ᠰᠠᠭᠤᠯᠭᠠᠬᠤ ᠮᠠᠰᠢᠨ ᠢ ᠵᠢᠯᠣᠭᠤᠳᠤᠨ ᠨᠠᠭᠠᠰᠢ ᠴᠠᠭᠠᠰᠢ ᠰᠦᠯᠵᠢᠯᠳᠦᠵᠦ᠂ ᠳᠠᠷᠠᠭ᠎ᠠ ᠨᠢᠭᠡ ᠪᠦᠯᠦᠭ ᠬᠥᠬᠡ ᠰᠣᠩᠭᠢᠨ᠎ᠠ ᠨᠣᠭᠤᠭᠠᠨ ᠴᠢᠬᠢ ᠲᠡᠷᠢᠪᠠ᠃ ︽ᠡᠨᠡ ᠵᠢᠯ ᠪᠢ 2000 ᠭᠠᠷᠤᠢ ᠮᠦ ᠤᠰᠤᠨ ᠲᠤᠲᠤᠷᠭ᠎ᠠ ᠲᠠᠷᠢᠵᠤ᠂ 5 ᠰᠠᠷ᠎ᠠ ᠶᠢᠨ 15 ᠤ ᠡᠳᠦᠷ ᠠᠴᠠ ᠡᠬᠢᠯᠡᠨ ᠴᠢᠬᠢ ᠰᠠᠭᠤᠯᠭᠠᠵᠤ᠂ ᠵᠢᠱᠢᠯᠲᠡ ᠪᠠᠷ ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠨ᠎ᠠ᠂ ᠨᠠᠮᠤᠷ ᠤᠨ ᠤᠯᠠᠷᠢᠯ ᠪᠣᠯᠬᠤ ᠳᠤ ᠰᠡᠶᠢᠠ ᠬᠤᠷᠢᠶᠠᠯᠲᠠ ᠣᠯᠬᠤ ᠶᠢ ᠬᠦᠰᠡᠵᠦ ᠪᠠᠶᠢᠨ᠎ᠠ︾ ᠬᠡᠵᠤ ᠬᠠᠨ ᠹᠧᠩ ᠢᠨᠢᠶᠡᠨ ᠬᠡᠯᠡᠪᠡ᠃ ᠴᠠᠭᠠᠨ ᠲᠣᠯᠣᠭᠠᠢ ᠭᠠᠴᠠᠭ᠎ᠠ ᠶᠢᠨ ᠲᠠᠷᠢᠮᠠᠯ ᠤᠨ ᠡᠷᠦᠬᠡ ᠯᠢᠦ ᠸᠧᠨ ᠭᠦᠸᠧ ᠡᠨᠡ ᠵᠢᠯ 400 ᠮᠦ ᠤᠰᠤᠨ ᠲᠤᠲᠤᠷᠭ᠎ᠠ ᠲᠠᠷᠢᠵᠤ᠂ ᠪᠦᠬᠦᠨ ᠢᠶᠠᠷ ᠢᠶᠠᠨ ᠬᠠᠮᠤᠭ ᠤᠨ ᠰᠢᠨ᠎ᠡ ᠥᠨᠳᠥᠷ ᠬᠤᠷᠳᠤᠴᠠᠲᠤ 8 ᠠᠶᠠᠯᠠᠯ ᠤᠨ ᠤᠰᠤᠨ ᠲᠤᠲᠤᠷᠭ᠎ᠠ ᠶᠢᠨ ᠴᠢᠬᠢ ᠰᠠᠭᠤᠯᠭᠠᠬᠤ ᠮᠠᠰᠢᠨ ᠢᠶᠠᠷ ᠴᠢᠬᠢ ᠰᠠᠭᠤᠯᠭᠠᠪᠠ᠃ ᠨᠢᠵᠢᠭᠢᠨᠡᠲᠡᠯ᠎ᠡ ᠨᠢᠵᠢᠭᠢᠨᠡᠬᠦ ᠮᠧᠬᠠᠨᠢᠭ ᠳᠠᠭᠤᠨ ᠢ ᠳᠠᠭᠠᠯᠳᠤᠨ᠂ ᠲᠠᠷᠢᠶᠠᠯᠠᠩ ᠤᠨ ᠮᠠᠰᠢᠨ ᠤ ᠭᠠᠷ ᠢᠶᠠᠨ ᠪᠣᠯᠪᠠᠰᠤᠷᠠᠩᠭᠤᠢ ᠪᠠᠷ ᠨᠢᠭᠡ ᠰᠠᠭᠤᠷᠢ ᠴᠢᠬᠢ ᠶᠢᠨ ᠲᠠᠲᠠᠭᠠᠯ ᠳᠡᠭᠡᠷ᠎ᠡ ᠠᠴᠠ ᠳᠡᠰ ᠳᠠᠷᠠᠭᠠᠯᠠᠨ ᠬᠠᠯᠲᠤᠷᠢᠨ ᠤᠨᠠᠵᠤ᠂ ᠤᠰᠤᠨ ᠳᠠᠷᠢᠶ᠎ᠠ ᠳᠤ ᠡᠮᠬᠢ ᠴᠡᠭᠴᠡ ᠲᠠᠢ ᠦᠨᠳᠦᠰᠦ ᠬᠠᠳᠬᠤᠵᠤ᠂ ᠱᠤᠭᠤᠮ ᠬᠡᠯᠪᠡᠷᠢᠵᠢᠭᠦᠯᠵᠦ᠂ ᠬᠥᠨᠳᠡᠯᠡᠨ ᠭᠤᠯᠳᠤ ᠵᠢᠭᠳᠡ ᠵᠢᠷᠤᠭᠯᠠᠨ᠎ᠠ᠃ ᠨᠢᠳᠦ ᠢᠷᠮᠡᠬᠦ ᠶᠢᠨ ᠵᠠᠭᠤᠷ᠎ᠠ ᠤᠤᠯ ᠨᠢ ᠬᠠᠩᠭᠢᠨᠠᠲᠠᠯ᠎ᠠ ᠤᠰᠤᠨ ᠲᠠᠷᠢ᠊ ᠡᠶ᠎ᠡ ᠴᠢᠬᠢ ᠶᠢᠨ ᠴᠢᠬᠢ ᠪᠠᠷ ᠳᠦᠭᠦᠷᠴᠦ᠂ ᠨᠣᠮᠢᠨ ᠨᠣᠭᠤᠭᠠᠨ ᠲᠠᠷᠢᠶᠠᠯᠠᠬᠤ ᠵᠢᠷᠤᠭ ᠬᠠᠷᠠᠭᠳᠠᠨ᠎ᠠ᠃ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠴᠢᠬᠢ ᠪᠤᠶᠢᠵᠢᠭᠤᠯᠬᠤ ᠬᠦᠯᠡᠮᠵᠢ ᠨᠢ᠃ ᠯᠢᠦ ᠸᠧᠨ ᠭᠦᠸᠧ ᠮᠠᠰᠢᠨ ᠢᠶᠠᠷ ᠴᠢᠬᠢ ᠰᠠᠭᠤᠯᠭᠠᠬᠤ ᠰᠠᠶᠢᠨ ᠲᠠᠯ᠎ᠠ ᠶᠢ ᠮᠠᠭᠲᠠᠨ ᠰᠠᠶᠢᠰᠢᠶᠠᠵᠤ᠂ ︽ᠣᠳᠣ ᠴᠢᠬᠢ ᠰᠠᠭᠤᠯᠭᠠᠬᠤ ᠮᠠᠰᠢᠨ ᠢᠶᠠᠷ ᠴᠢᠬᠢ ᠰᠠᠭᠤᠯᠭᠠᠵᠤ᠂ ᠮᠠᠰᠢᠨ ᠮᠧᠬᠠᠨᠢᠭ ᠢᠶᠠᠷ ᠴᠢᠬᠢ ᠰᠠᠭᠤᠯᠭᠠᠬᠤ ᠪᠣᠯᠤᠨ᠎ᠠ᠂ ᠨᠢᠭᠡ ᠮᠠᠰᠢᠨ ᠮᠧᠬᠠᠨᠢᠭ ᠢᠶᠠᠷ ᠴᠢᠬᠢ ᠰᠠᠭᠤᠯᠭᠠᠬᠤ ᠦᠷ᠎ᠡ ᠪᠦᠲᠦᠮᠵᠢ ᠨᠢ ᠬᠥᠮᠦᠨ ᠤ ᠬᠦᠴᠦ ᠪᠠᠷ ᠴᠢᠬᠢ ᠰᠠᠭᠤᠯᠭᠠᠬᠤ ᠦᠷ᠎ᠡ ᠪᠦᠲᠦᠮᠵᠢ 30 ᠭᠠᠷᠤᠢ ᠳᠠᠬᠢᠨ ᠪᠠᠶᠢᠵᠤ᠂ ᠮᠠᠰᠢᠨᠴᠢᠯᠠᠭᠰᠠᠨ ᠠᠵᠢᠯ ᠨᠢ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠡᠢ᠂ ᠪᠠᠰᠠ ᠥᠪᠡᠷ ᠤᠨ ᠥᠷᠲᠡᠭ ᠢ ᠠᠷᠪᠢᠯᠠᠪᠠ᠂ ᠪᠠᠰᠠ ᠭᠠᠷᠤᠯᠲᠠ ᠪᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠲᠤᠰᠠᠲᠠᠢ᠂ ᠡᠨᠡ ᠵᠢᠯ ᠤᠨ ᠤᠰᠤᠨ ᠲᠤᠲᠤᠷᠭ᠎ᠠ ᠡᠯᠪᠡᠭ ᠬᠤᠷᠢᠶᠠᠯᠲᠠ ᠣᠯᠬᠤ ᠳᠤ ᠪᠢ ᠮᠠᠰᠢ ᠢᠲᠡᠭᠡᠯ ᠲᠠᠢ ᠪᠠᠶᠢᠨ᠎ᠠ︾ ᠭᠡᠵᠦ ᠲᠠᠷᠢᠮᠠᠯ ᠤᠨ ᠡᠷᠦᠬᠡ ᠯᠢᠦ ᠸᠧᠨ ᠭᠥᠸᠧ ᠬᠡᠯᠡᠪᠡ᠃ ᠣᠶᠢᠯᠠᠭᠠᠭᠰᠠᠨ ᠢᠶᠠᠷ᠂ 2025 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠤᠰᠤᠨ ᠲᠤᠲᠤᠷᠭ᠎ᠠ ᠶᠢᠨ ᠲᠠᠯᠠᠪᠠᠢ ᠨᠢ 9 ᠲᠦᠮᠡᠨ ᠮᠦ ᠪᠠᠶᠢᠵᠤ᠂ ᠡᠭᠦᠨ ᠳᠤ ᠭᠤᠣᠯ ᠤᠨ ᠪᠠᠶᠢᠰᠢᠩ ᠪᠠᠯᠭᠠᠰᠤ 14000 ᠭᠠᠷᠤᠢ ᠮᠦ ᠤᠰᠤᠨ ᠲᠤᠲᠤᠷᠭ᠎ᠠ ᠲᠠᠷᠢᠬᠤ ᠪᠠᠷ ᠲᠥᠯᠥᠪᠯᠡᠵᠦ ᠪᠤᠢ᠃    ︽ᠣᠳᠣᠬᠠᠨ ᠳᠤ᠂ ᠭᠤᠣᠯ ᠤᠨ ᠪᠠᠶᠢᠰᠢᠩ ᠪᠠᠯᠭᠠᠰᠤ ᠨᠢᠭᠡᠨᠲᠡ ᠤᠰᠤᠨ ᠲᠤᠲᠤᠷᠭ᠎ᠠ ᠲᠠᠷᠢᠵᠤ ᠡᠬᠢᠯᠡᠪᠡ᠂ ᠵᠠᠯᠭᠠᠭᠠᠳ ᠪᠢᠳᠡ ᠪᠠᠰᠠ ᠮᠡᠷᠭᠡᠵᠢᠯ ᠤᠨ ᠠᠵᠢᠯᠲᠠᠳ ᠢ ᠦᠷᠭᠦᠯᠵᠢᠯᠡᠨ ᠵᠣᠬᠢᠶᠠᠨ ᠪᠠᠶᠢᠭᠤᠯᠤᠨ ᠲᠠᠷᠢᠶᠠᠨ ᠭᠠᠵᠠᠷ ᠲᠤ ᠭᠦᠨᠵᠡᠭᠡᠶᠢᠷᠡᠭᠦᠯᠦᠨ᠂ ᠡᠪᠡᠳᠴᠢᠨ ᠬᠤᠷᠣᠬᠠᠢ ᠶᠢᠨ ᠭᠠᠮᠰᠢᠭ ᠵᠢᠴᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠵᠦ᠂ ᠤᠰᠤᠨ ᠲᠤᠲᠤᠷᠭ᠎ᠠ ᠶᠢᠨ ᠰᠡᠶᠢᠠ ᠬᠤᠷᠢᠶᠠᠯᠲᠠ ᠲᠠᠢ ᠪᠠᠶᠢᠬᠤ ᠶᠢ ᠦᠨᠡᠨ ᠬᠦ ᠪᠠᠲᠤᠯᠠᠨ᠎ᠠ︾ ᠬᠡᠵᠤ ᠭᠤᠣᠯ ᠤᠨ ᠪᠠᠶᠢᠰᠢᠩ ᠪᠠᠯᠭᠠᠰᠤᠨ ᠤ ᠳᠡᠳ᠋ ᠳᠠᠷᠤᠭ᠎ᠠ ᠵᠤ᠋ ᠶᠥᠩ ᠬᠤᠢ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号