ᠳᠥᠷᠥᠯᠵᠢ ᠪᠠᠯᠭᠠᠰᠤ ᠡᠯᠡᠰᠦ ᠶᠢ ᠵᠠᠰᠠᠬᠤ ᠠᠬᠢᠴᠠ ᠶᠢ ᠦᠷᠭᠦᠯᠵᠢᠯᠡᠨ ᠠᠬᠢᠭᠤᠯᠪᠠ
ᠨᠡᠶᠢᠲᠡᠯᠡᠭᠰᠡᠨ ᠴᠠᠭ᠄
2025/5/29
      2024 ᠣᠨ ᠠᠴᠠ ᠨᠠᠰᠢ᠂ ᠳᠥᠷᠥᠯᠵᠢ ᠪᠠᠯᠭᠠᠰᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠶᠢ ᠤᠷᠢᠶᠠᠯᠠᠵᠤ᠂ ᠡᠯᠡᠰᠦᠷᠬᠡᠭᠵᠢᠵᠦ ᠥᠩᠭᠡᠷᠡᠭᠰᠡᠨ ᠬᠦᠨᠳᠦ ᠨᠣᠴᠢᠲᠠᠢ ᠭᠠᠵᠠᠷ ᠳᠡᠭᠡᠷ᠎ᠡ ︽ᠡᠯᠡᠰᠦ ᠶᠢ ᠤᠰᠠᠳᠬᠠᠬᠤ᠂ ᠬᠤᠪᠬᠠᠢ ᠶᠢ ᠵᠠᠰᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠭᠤᠷᠪᠠᠨ ᠵᠦᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠡᠯᠡᠰᠦᠷᠬᠡᠭ ᠭᠠᠵᠠᠷ ᠤᠨ ᠵᠠᠰᠠᠯᠲᠠ ᠠᠩᠬ᠎ᠠ ᠠᠯᠬᠤᠮ ᠦᠷ᠎ᠡ ᠪᠦᠲᠦᠮᠵᠢ ᠣᠯᠪᠠ᠃ ᠵᠤᠨ ᠤ ᠡᠬᠢ ᠪᠠᠷ᠂ ᠳᠥᠷᠥᠯᠵᠢ ᠪᠠᠯᠭᠠᠰᠤᠨ ᠤ ᠶᠠ ᠮᠧᠨ ᠮᠣᠳᠣ ᠭᠠᠴᠠᠭᠠᠨ ᠤ ᠡᠯᠡᠰᠦᠷᠬᠡᠭ ᠭᠠᠵᠠᠷ ᠤᠨ ᠵᠠᠰᠠᠯᠲᠠ ᠶᠢᠨ ᠲᠣᠭᠤᠷᠢᠭ ᠲᠤ ᠣᠷᠣᠬᠤ ᠳᠤ᠂ ᠦᠬᠡᠷ ᠬᠠᠷᠭᠠᠨ᠎ᠠ ᠶᠢᠨ ᠬᠠᠷᠭᠠᠨ᠎ᠠ ᠨᠢ ᠬᠡᠰᠡᠭ ᠬᠡᠰᠡᠭ ᠢᠭᠴᠤ ᠰᠠᠬᠤᠯᠢᠭ ᠪᠠᠶᠢᠵᠤ᠂ ᠰᠢᠷᠭᠠᠯ ᠡᠯᠡᠰᠦ ᠨᠢ ᠲᠩᠷᠢ ᠭᠠᠵᠠᠷ ᠢ ᠳᠣᠩᠰᠣᠯᠭᠠᠮ᠎ᠠ ᠨᠣᠭᠤᠭᠠᠨ ᠥᠩᠭᠡ ᠪᠠᠷ ᠪᠢᠯᠬᠠᠵᠤ ᠪᠠᠶᠢᠯ᠎ᠠ᠃ ᠡᠯᠡᠰᠦᠷᠬᠡᠭ ᠭᠠᠵᠠᠷ ᠢ ᠵᠠᠰᠠᠬᠤ ᠣᠷᠣᠨ ᠤ ᠲᠤᠬᠠᠢ ᠶᠢᠨ ᠲᠠᠯᠠᠪᠤᠷ ᠲᠤ ᠮᠠᠰᠢᠨ ᠬᠦᠩᠭᠢᠨᠡᠵᠦ᠂ ᠮᠣᠳᠣ ᠲᠠᠷᠢᠬᠤ ᠮᠠᠰᠢᠨ ᠲᠥᠯᠥᠪᠵᠢᠭᠦᠯᠭᠡ ᠶᠢᠨ ᠵᠠᠮ ᠢᠶᠠᠷ ᠯᠠᠪᠳᠠᠭᠤᠨ ᠢᠶᠠᠷ ᠤᠷᠤᠭᠰᠢᠯᠠᠵᠤ᠂ ᠠᠵᠢᠯᠴᠢᠳ ᠨᠢᠭᠡ ᠰᠠᠭᠤᠷᠢ ᠮᠣᠳᠣ ᠶᠢ ᠮᠣᠳᠣᠨ ᠤ ᠨᠦᠬᠡᠨ ᠳᠤ ᠪᠣᠯᠪᠠᠰᠤᠷᠠᠩᠭᠤᠢ ᠰᠠᠭᠤᠯᠭᠠᠪᠠ᠃ ᠡᠨᠡ ᠵᠢᠯ᠂ ᠳᠥᠷᠥᠯᠵᠢ ᠪᠠᠯᠭᠠᠰᠤᠨ ᠤ ᠶᠠᠮᠤᠨ ᠮᠣᠳᠣ ᠭᠠᠴᠠᠭᠠᠨ ᠤ ᠡᠯᠡᠰᠦ ᠶᠢ ᠵᠠᠰᠠᠬᠤ ᠡᠭᠦᠷᠭᠡ 5266 ᠮᠦ ᠪᠠᠶᠢᠵᠤ᠂ ᠣᠳᠣᠬᠠᠨ ᠳᠤ ᠨᠢᠭᠡᠨᠲᠡ 3588 ᠮᠦ ᠪᠡᠶᠡᠯᠡᠭᠦᠯᠪᠡ᠃ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠥᠷᠨᠢᠭᠦᠯᠦᠭᠰᠡᠨ ᠠᠴᠠ ᠨᠠᠰᠢ᠂ ᠶᠠ ᠮᠧᠨ ᠮᠣᠳᠣ ᠭᠠᠴᠠᠭ᠎ᠠ ᠨᠡᠶᠢᠲᠡ 9125 ᠮᠦ ᠡᠯᠡᠰᠦᠷᠬᠡᠭ ᠭᠠᠵᠠᠷ ᠢ ᠵᠠᠰᠠᠵᠤ᠂ ᠰᠢᠷ᠎ᠠ ᠡᠯᠡᠰᠦ ᠨᠣᠭᠤᠭᠠᠷᠠᠭᠰᠠᠨ ᠦᠷ᠎ᠡ ᠪᠦᠲᠦᠮᠵᠢ ᠠᠩᠬ᠎ᠠ ᠠᠯᠬᠤᠮ ᠢᠯᠡᠷᠡᠪᠡ᠃ ᠪᠠᠷᠢᠯᠭ᠎ᠠ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠹᠧᠩ ᠬᠦᠢ ᠬᠡᠯᠡᠬᠦ ᠳᠡᠭᠡᠨ᠄ ︽ᠣᠳᠣᠬᠠᠨ ᠳᠤ᠂ ᠶᠠ ᠮᠧᠨ ᠮᠣᠳᠣᠨ ᠭᠠᠴᠠᠭᠠᠨ ᠤ ᠪᠠᠷᠢᠯᠭ᠎ᠠ ᠶᠢᠨ ᠭᠠᠵᠠᠷ 3588 ᠮᠦ ᠪᠠᠶᠢᠵᠤ᠂ ᠲᠤᠰ ᠤᠳᠠᠭᠠᠨ ᠤ ᠪᠠᠷᠢᠯᠭ᠎ᠠ ᠶᠢᠨ ᠠᠵᠢᠯ ᠳᠤ ᠪᠤᠲᠠᠯᠢᠭ ᠡᠪᠡᠰᠦ ᠶᠢ ᠤᠶᠠᠯᠳᠤᠭᠤᠯᠬᠤ ᠠᠷᠭ᠎ᠠ ᠮᠠᠶ᠋ᠢᠭ ᠢ ᠬᠡᠷᠡᠭᠯᠡᠵᠦ᠂ ᠨᠢᠭᠡᠨᠲᠡ 500 ᠮᠦ ᠶᠢ ᠪᠡᠶᠡᠯᠡᠭᠦᠯᠵᠦ᠂ ᠵᠢᠱᠢᠯᠲᠡ ᠪᠠᠷ 6 ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠵᠤ᠂ ᠡᠴᠦᠰ ᠲᠡᠭᠡᠨ 90% ᠠᠴᠠ ᠳᠡᠭᠡᠭᠰᠢᠬᠢ ᠡᠳᠡᠭᠡᠷᠡᠯᠲᠡ ᠶᠢᠨ ᠨᠣᠷᠮ᠎ᠠ ᠲᠠᠢ︾ ᠭᠡᠪᠡ᠃ ᠲᠠᠷᠢᠮᠠᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠤᠬᠠᠢ ᠶᠢᠨ ᠭᠠᠵᠠᠷ 5 ᠮᠣᠳᠣ ᠲᠠᠷᠢᠬᠤ ᠮᠠᠰᠢᠨ᠂ 8 ᠴᠠᠶᠢᠶ᠋ᠢᠦ ᠴᠠᠬᠢᠯᠭᠠᠨ ᠭᠠᠷᠭᠠᠬᠤ ᠮᠠᠰᠢᠨ ᠤ ᠮᠠᠰᠢᠨ ᠲᠣᠬᠢᠷᠠᠭᠤᠯᠵᠤ᠂ 4 ᠤᠰᠤ ᠬᠠᠳᠠᠭᠠᠯᠠᠬᠤ ᠴᠥᠭᠦᠷᠥᠮ ᠪᠠᠶᠢᠭᠤᠯᠵᠤ᠂ 2 500 ᠮᠧᠳ᠋ᠷ ᠤᠰᠤᠯᠠᠬᠤ ᠬᠤᠭᠤᠯᠠᠢ ᠶᠢ ᠲᠣᠬᠢᠷᠠᠭᠤᠯᠪᠠ᠃ ᠡᠭᠦᠨ ᠤ ᠬᠠᠮᠲᠤ᠂ ᠲᠣᠰᠬᠤᠨ ᠤ ᠠᠷᠠᠳ ᠢ ᠳᠠᠶᠢᠴᠢᠯᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠨᠡᠶᠢᠲᠡ 65 ᠬᠥᠮᠦᠨ ᠬᠡᠷᠡᠭᠯᠡᠵᠦ ᠂ ᠲᠣᠰᠬᠤᠨ ᠤ ᠠᠷᠠᠳ ᠢ ︽ᠭᠡᠷ ᠤᠨ ᠡᠭᠦᠳᠡ︾ ᠪᠠᠷ ᠠᠵᠢᠯ ᠣᠯᠭᠤᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠠᠬᠢᠭᠤᠯᠤᠭᠰᠠᠨ ᠮᠥᠷᠲᠡᠭᠡᠨ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠪᠡ᠃ ᠳᠥᠷᠥᠯᠵᠢ ᠪᠠᠯᠭᠠᠰᠤᠨ ᠤ ᠶᠠᠮᠤᠨᠮᠣᠳᠦ ᠭᠠᠴᠠᠭᠠᠨ ᠤ ᠨᠠᠮ ᠤᠨ ᠡᠭᠦᠷ ᠤᠨ ᠭᠡᠰᠢᠭᠦᠨ ᠴᠧᠨ ᠶᠢᠨ ᠬᠠᠢ᠄ ︽ᠶᠠ ᠮᠧᠨ ᠮᠣᠳᠣ ᠭᠠᠴᠠᠭᠠᠨ ᠤ ᠡᠯᠡᠰᠦᠷᠬᠡᠭ ᠭᠠᠵᠠᠷ ᠤᠨ ᠢᠯᠡ ᠭᠠᠷᠤᠭᠰᠠᠨ ᠲᠠᠯᠠᠪᠠᠶ ᠮᠠᠰᠢ ᠣᠯᠠᠨ ᠪᠠᠶᠢᠵᠤ᠂ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠭᠠᠴᠠᠭᠠᠨ ᠤ ᠠᠮᠢ ᠠᠬᠤᠢ ᠶᠢᠨ ᠣᠷᠴᠢᠨ ᠲᠣᠭᠤᠷᠢᠨ ᠮᠠᠰᠢ ᠶᠡᠭᠡ ᠰᠠᠶᠢᠵᠢᠷᠠᠭᠰᠠᠨ ᠤ ᠬᠠᠮᠲᠤ ᠭᠠᠴᠠᠭ᠎ᠠ ᠲᠣᠰᠬᠤᠨ ᠤ ᠠᠷᠠᠳ ᠤᠨ ᠠᠵᠢᠯ ᠣᠯᠭᠤᠯᠲᠠ ᠶᠢ ᠲᠠᠶᠢᠴᠢᠯᠠᠪᠠ᠃ ᠳᠠᠷᠠᠭᠠᠴᠢ ᠶᠢᠨ ᠠᠯᠬᠤᠮ ᠳᠤ᠂ ᠪᠢᠳᠡ ᠲᠠᠷᠢᠭᠰᠠᠨ ᠮᠣᠳᠣ ᠶᠢ ᠴᠢᠷᠮᠠᠶᠢᠨ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃ ᠣᠶᠢᠯᠠᠭᠠᠭᠰᠠᠨ ᠢᠶᠠᠷ᠂ ᠳᠥᠷᠥᠯᠵᠢ ᠪᠠᠯᠭᠠᠰᠤ ︽ᠨᠠᠮ ᠤᠨ ᠬᠤᠷᠢ᠊ ᠡᠶ᠎ᠡ ᠤᠳᠤᠷᠢᠳᠬᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠰᠢᠰᠲ᠋ᠧᠮ ᠲᠠᠢ ᠵᠠᠰᠠᠬᠤ᠂ ᠨᠡᠶᠢᠭᠡᠮ ᠢᠶᠠᠷ ᠢᠶᠠᠨ ᠣᠷᠣᠯᠴᠠᠬᠤ︾ ᠠᠷᠭ᠎ᠠ ᠮᠠᠶ᠋ᠢᠭ ᠢᠶᠠᠷ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ ︽ᠭᠡᠷ ᠤᠨ ᠡᠭᠦᠳᠡ︾ ᠶᠢᠨ ᠵᠠᠰᠠᠭ ᠤᠨ ᠣᠷᠳᠣᠨ ᠤ ᠲᠥᠷᠥᠯ ᠵᠦᠢᠯ ᠢ ᠬᠡᠷᠡᠭᠵᠢᠭᠦᠯᠬᠦ ᠳᠠᠪᠠᠭᠤᠯᠢᠭ ᠲᠤ ᠲᠦᠰᠢᠭᠯᠡᠨ᠂ ᠡᠯᠡᠰᠦ ᠶᠢ ᠵᠠᠰᠠᠵᠤ ᠠᠵᠢᠯᠴᠢᠨ ᠬᠡᠷᠡᠭᠯᠡᠬᠦ ᠪᠠ ᠮᠠᠯᠵᠢᠬᠤ ᠲᠠᠷᠢᠶᠠᠯᠠᠬᠤ ᠣᠷᠣᠨ ᠤ ᠨᠡᠮᠡᠭᠦᠦ ᠬᠥᠳᠡᠯᠮᠦᠷᠢ ᠬᠦᠴᠦᠨ ᠤ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠮᠠᠯᠴᠢᠨ ᠲᠠᠷᠢᠶᠠᠴᠢᠨ ᠤ ᠬᠥᠳᠡᠯᠮᠦᠷᠢ ᠬᠦᠴᠦᠨ ᠤ ᠴᠢᠨᠠᠷᠲᠠᠢ ᠣᠷᠣᠯᠭ᠎ᠠ ᠶᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠢ ᠢᠳᠡᠪᠬᠢᠲᠡᠢ ᠳᠠᠶᠢᠴᠢᠯᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠣᠷᠣᠯᠭ᠎ᠠ ᠶᠢ ᠨᠡᠮᠡᠭᠳᠡᠭᠦᠯᠬᠦ ᠪᠠ ᠠᠮᠢ ᠠᠬᠤᠢ ᠶᠢᠨ ᠵᠠᠰᠠᠯᠲᠠ ᠶᠢᠨ ᠬᠤᠣᠰ ᠦᠷ᠎ᠡ ᠪᠦᠲᠦᠮᠵᠢ ᠳᠤ ᠬᠦᠷᠦᠭᠦᠯᠵᠦ᠂ ᠡᠯᠡᠰᠦ ᠶᠢ ᠵᠠᠰᠠᠵᠤ ᠪᠠᠶᠠᠵᠢᠬᠤ ᠬᠤᠣᠰ ᠠᠮᠵᠢᠯᠲᠠ ᠶᠢ ᠪᠡᠶᠡᠯᠡᠭᠦᠯᠪᠡ᠃ 2025 ᠣᠨ ᠳᠤ᠂ ᠳᠥᠷᠥᠯᠵᠢ ᠪᠠᠯᠭᠠᠰᠤᠨ ᠤ ᠡᠯᠡᠰᠦᠷᠬᠡᠭ ᠭᠠᠵᠠᠷ ᠢ ᠵᠠᠰᠠᠬᠤ ᠡᠭᠦᠷᠭᠡ ᠨᠡᠶᠢᠲᠡ 40500 ᠮᠦ ᠪᠠᠶᠢᠵᠤ᠂ ᠣᠳᠣ ᠨᠢᠭᠡᠨᠲᠡ 8000 ᠮᠦ ᠪᠡᠶᠡᠯᠡᠭᠦᠯᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号