ᠬᠦᠮᠤᠨ ᠡᠳᠤᠷ ᠪᠦᠷᠢ 7 ᠊᠊᠊᠊᠊᠊᠊᠊᠊᠊᠊᠊᠊᠊ 8 ᠴᠠᠭ ᠤᠨ ᠨᠦᠢᠷ ᠢ ᠪᠠᠳᠤᠯᠠᠪᠡᠯ ᠰᠠᠶᠢᠨ
ᠨᠡᠶᠢᠲᠡᠯᠡᠭᠰᠡᠨ ᠴᠠᠭ᠄
2025/5/29
      ᠠᠵᠢᠯᠯᠠᠵᠤ ᠠᠮᠠᠷᠠᠬᠤ ᠶᠢ ᠤᠶᠠᠯᠳᠤᠭᠤᠯᠵᠤ᠂ ᠡᠳᠤᠷ ᠪᠦᠷᠢ 7 ᠊᠊᠊᠊᠊᠊᠊᠊᠊᠊᠊᠊᠊᠊ 8 ᠴᠠᠭ ᠤᠨ ᠨᠦᠢᠷ ᠢ ᠪᠠᠳᠤᠯᠠᠪᠡᠯ ᠵᠤᠬᠢᠨ᠎ᠠ᠃ ᠢᠳᠡᠬᠦ᠂ ᠰᠤᠷᠤᠯᠴᠠᠬᠤ᠂ ᠠᠵᠢᠯᠯᠠᠬᠤ᠂ ᠪᠤᠯᠪᠠᠰᠤᠷᠠᠬᠤ᠂ ᠨᠠᠶᠢᠷᠠᠯᠳᠤᠬᠤ᠂ ᠤᠨᠳᠠᠬᠤ ᠵᠡᠷᠬᠡ ᠬᠦᠮᠤᠨ ᠤ ᠠᠯᠢᠪᠠ ᠠᠵᠢᠯᠯᠠᠭ᠎ᠠ ᠨᠢ ᠪᠦᠷ ᠶᠡᠭᠡ ᠲᠡᠷᠢᠬᠢᠨ ᠤ ᠵᠠᠬᠢᠷᠤᠯᠭ᠎ᠠ ᠳᠤᠤᠷ᠎ᠠ ᠪᠡᠶᠡᠯᠡᠭᠳᠡᠳᠡᠭ ᠶᠤᠮ᠃ ᠤᠳᠠᠭ᠎ᠠ ᠪᠦᠷᠢ ᠶᠢᠨ ᠠᠵᠢᠯᠯᠠᠭ᠎ᠠ ᠨᠢ ᠪᠦᠷ ᠶᠡᠭᠡ ᠲᠡᠷᠢᠬᠢᠨ ᠤ ᠰᠠᠭᠤᠭᠳᠠᠯ ᠦᠯᠡᠳᠡᠬᠡᠳᠡᠭ ᠪᠦᠬᠡᠳ ᠤᠳᠠᠭᠠᠨ ᠳᠠᠭᠠᠨ ᠵᠤᠬᠢᠬᠤ ᠠᠮᠢᠳᠤᠷᠠᠯ ᠤᠨ ᠵᠢᠮ᠎ᠠ ᠶᠤᠰᠤ ᠪᠤᠯᠤᠨ ᠪᠦᠷᠢᠯᠳᠤᠨ᠎ᠠ᠃ ᠡᠨᠡ ᠬᠦ ᠵᠢᠮ᠎ᠠ ᠶᠤᠰᠤ ᠶᠢ ᠵᠦᠷᠢᠴᠠᠪᠠᠯ᠂ ᠶᠡᠭᠡ ᠲᠡᠷᠢᠬᠢ ᠪᠤᠯᠤᠨ ᠪᠠᠶ᠎ᠠ ᠮᠠᠬᠠᠪᠤᠳ ᠤᠨ ᠪᠤᠰᠤᠳ ᠡᠷᠬᠡᠳᠡᠨ ᠲᠠᠷᠤᠢ ᠪᠠᠴᠢᠮ ᠪᠠᠶᠢᠳᠠᠯ ᠳᠤ ᠤᠷᠤᠳᠠᠭ᠃ ᠡᠶᠢᠮᠤᠷᠬᠦᠤ ᠪᠠᠴᠢᠮ ᠪᠠᠶᠢᠳᠠᠯ ᠨᠢ ᠡᠪᠡᠳᠴᠢᠨ ᠡᠮᠬᠡᠭ ᠡᠬᠦᠰᠬᠡᠬᠦ ᠪᠠ ᠦᠳᠡᠯᠬᠦ ᠶᠢ ᠬᠤᠷᠳᠤᠳᠬᠠᠬᠤ ᠴᠢᠬᠤᠯᠠ ᠰᠢᠯᠳᠠᠭᠠᠨ ᠤ ᠨᠢᠬᠡ ᠪᠤᠯᠤᠨ᠎ᠠ᠃ ︵1︶ ᠰᠤᠷᠤᠯᠴᠠᠵᠤ ᠠᠵᠢᠯᠯᠠᠬᠤ ᠰᠠᠶᠢᠨ ᠲᠠᠳᠬᠠᠯ ᠢ ᠪᠤᠢ ᠪᠤᠯᠭᠠᠬᠤ ᠬᠡᠷᠡᠭᠳᠡᠢ᠃ ᠶᠡᠭᠡ ᠲᠡᠷᠢᠬᠢ᠂ ᠪᠤᠯᠴᠢᠩ ᠨᠢ ᠨᠢᠬᠡ ᠦᠶ᠎ᠠ ᠠᠵᠢᠯᠯᠠᠪᠠᠯ ᠶᠠᠳᠠᠷᠠᠨ᠎ᠠ᠂ ᠲᠡᠬᠡᠪᠡᠯ ᠰᠤᠷᠤᠯᠴᠠᠬᠤ᠂ ᠠᠵᠢᠯᠯᠠᠬᠤ ᠦᠷ᠎ᠠ ᠪᠦᠳᠤᠮᠵᠢ ᠨᠢ ᠪᠠᠭᠤᠷᠠᠳᠠᠭ︔ ᠪᠤᠯᠴᠢᠩ ᠶᠠᠳᠠᠷᠠᠪᠠᠯ ᠠᠮᠠᠷᠬᠠᠨ ᠡ᠊ᠨᠳᠡᠯ ᠪᠤᠶᠤ ᠠᠯᠳᠠᠭ᠎ᠠ ᠭᠠᠷᠭᠠᠬᠤ ᠪᠤᠯᠤᠨ᠎ᠠ᠃ ᠠᠵᠢᠯᠯᠠᠬᠤ ᠠᠮᠠᠷᠠᠬᠤ ᠶᠢ ᠤᠶᠠᠯᠳᠤᠭᠤᠯᠬᠤ ᠪᠠᠨ ᠠᠩᠬᠠᠷᠴᠤ᠂ ᠠᠶᠢᠵᠠᠮ ᠢ ᠨᠢ ᠵᠤᠬᠢᠴᠠᠭᠤᠯᠬᠤ ᠪᠤᠯ ᠡᠷᠡᠬᠦᠯ ᠮᠠᠨᠳᠤ ᠶᠢᠨ ᠱᠠᠭᠠᠷᠳᠠᠯᠭ᠎ᠠ ᠪᠤᠯᠬᠤ ᠪᠠᠷ ᠪᠠᠷᠠᠬᠤ ᠦᠬᠡᠢ᠂ ᠮᠦᠨ ᠴᠤ ᠠᠵᠢᠯ ᠰᠤᠷᠤᠯᠴᠠᠯᠭ᠎ᠠ ᠶᠢᠨ ᠦᠷ᠎ᠠ ᠪᠦᠳᠤᠮᠵᠢ ᠶᠢ ᠲᠡᠬᠡᠭᠰᠢᠯᠡᠬᠦᠯᠬᠦ ᠶᠢᠨ ᠱᠠᠭᠠᠷᠳᠠᠯᠭ᠎ᠠ ᠪᠤᠯᠤᠨ᠎ᠠ᠃ ︵2︶ ᠦᠷᠬᠦᠯᠵᠢ ᠤᠷᠠᠨ ᠰᠠᠶᠢᠠᠬᠨ᠂ ᠪᠠᠶ᠎ᠠ ᠶᠢᠨ ᠲᠠᠮᠢᠷ ᠤᠨ ᠬᠦᠳᠡᠯᠬᠡᠬᠡᠨ ᠳᠤ ᠤᠷᠤᠯᠴᠠᠬᠤ ᠵᠠᠩ ᠲᠠᠳᠬᠠᠯ ᠢ ᠪᠤᠢ ᠪᠤᠯᠭᠠᠬᠤ ᠬᠡᠷᠡᠭᠳᠡᠢ᠃ ᠪᠠᠶ᠎ᠠ ᠶᠢᠨ ᠲᠠᠮᠢᠷ ᠤᠨ ᠪᠤᠯᠪᠠᠰᠤᠷᠠᠯ ᠪᠠ ᠨᠠᠶᠢᠷ ᠨᠠᠭᠠᠳᠤᠮ ᠳᠤ ᠤᠷᠤᠯᠴᠠᠬᠤ ᠨᠢ ᠪᠠᠶ᠎ᠠ ᠮᠠᠬᠠᠪᠤᠳ ᠤᠨ ᠡᠷᠡᠬᠦᠯ ᠮᠠᠨᠳᠤ᠂ ᠰᠡᠳᠬᠢᠴᠠ ᠶᠢᠨ ᠡᠷᠡᠬᠦᠯᠵᠢᠯ ᠢ ᠬᠠᠮᠠᠭᠠᠯᠠᠬᠤ ᠪᠠ ᠨᠡᠶᠢᠬᠡᠮ ᠳᠤ ᠵᠤᠬᠢᠴᠠᠬᠤ ᠴᠢᠳᠠᠪᠤᠷᠢ ᠪᠠᠨ ᠲᠡᠬᠡᠭᠰᠢᠯᠡᠬᠦᠯᠬᠦ ᠳᠤ ᠪᠦᠷ ᠰᠠᠶᠢᠨ ᠪᠠᠶᠢᠳᠠᠭ᠃ ᠤᠷᠠᠨ ᠰᠠᠶᠢᠬᠠᠨ᠂ ᠪᠠᠶ᠎ᠠ ᠶᠢᠨ ᠲᠠᠮᠢᠷ ᠤᠨ ᠬᠦᠳᠡᠯᠬᠡᠬᠡᠨ ᠤ ᠬᠡᠯᠪᠡᠷᠢ ᠪᠡ ᠤᠳᠠᠭ᠎ᠠ ᠪᠦᠷᠢ ᠶᠢᠨ ᠬᠦᠳᠡᠯᠬᠡᠬᠡᠨ ᠤ ᠴᠠᠭ ᠢ ᠵᠠᠪᠠᠯ ᠦᠪᠡᠷ ᠤᠨ ᠪᠠᠶ᠎ᠠ ᠶᠢᠨ ᠪᠠᠶᠢᠳᠠᠯ᠂ ᠤᠷᠮ᠎ᠠ ᠰᠤᠨᠢᠷᠬᠠᠯ ᠲᠠᠢ ᠪᠠᠨ ᠵᠤᠬᠢᠴᠠᠭᠤᠯᠬᠤ ᠬᠡᠷᠡᠭᠳᠡᠢ᠃ ︵3︶ ᠤᠨᠳᠠᠬᠤ ᠲᠠᠳᠬᠠᠯ ᠢᠶᠠᠨ ᠰᠠᠶᠢᠨ ᠪᠤᠯᠭᠠᠬᠤ ᠬᠡᠷᠡᠭᠳᠡᠢ᠃ ᠵᠢᠮ᠎ᠠ ᠶᠤᠰᠤ ᠲᠠᠢ ᠤᠨᠳᠠᠬᠤ ᠪᠤᠯ ᠨᠦᠢᠷ ᠤᠨ ᠴᠢᠨᠠᠷ ᠢ ᠪᠠᠳᠤᠯᠠᠵᠤ᠂ ᠡᠷᠡᠬᠦᠯ ᠮᠠᠨᠳᠤ ᠶᠢ ᠬᠠᠮᠠᠭᠠᠯᠠᠬᠤ ᠳᠤ ᠳᠤᠩ ᠠᠰᠢᠬᠳᠠᠢ ᠪᠠᠶᠢᠳᠠᠭ᠃ ᠤᠨᠳᠠᠬᠤ ᠴᠠᠭ ᠢ ᠡᠷᠬᠡᠪᠰᠢ ᠨᠠᠰᠤ ᠪᠠ ᠬᠤᠪᠢ ᠬᠦᠮᠤᠨ ᠤ ᠪᠠᠶ᠎ᠠ ᠶᠢᠨ ᠤᠨᠴᠠᠯᠢᠬ ᠢᠶᠠᠨ ᠦᠨᠳᠤᠰᠤᠯᠠᠵᠤ ᠳᠤᠭᠳᠠᠭᠠᠬᠤ ᠬᠡᠷᠡᠭᠳᠡᠢ᠃ ᠶᠠᠷᠤ ᠳᠡᠭᠡᠨ ᠨᠠᠰᠤᠨ ᠳᠤ ᠬᠦᠷᠦᠭᠰᠡᠳ ᠡᠳᠤᠷ ᠪᠦᠷᠢ 7 ᠊᠊᠊᠊᠊᠊᠊᠊᠊᠊᠊᠊᠊᠊᠊᠊ 8 ᠴᠠᠭ ᠤᠨᠳᠠᠬᠤ ᠴᠢᠬᠤᠯᠠᠳᠠᠢ᠃ ᠤᠷᠤᠢ ᠶᠢᠨ 10 ᠴᠠᠭ ᠠᠴᠠ ᠡᠷᠳᠡ ᠶᠢᠨ 4 ᠴᠠᠭ ᠬᠦᠷᠳᠡᠯ᠎ᠠ᠂ ᠡᠨᠡ ᠬᠦ ᠬᠡᠰᠡᠭ ᠬᠤᠭᠤᠴᠠᠭᠠᠨ ᠤ ᠤᠨᠳᠠᠬᠤ ᠴᠢᠨᠠᠷ ᠨᠢ ᠬᠠᠮᠤᠭ ᠤᠨ ᠰᠠᠶᠢᠨ ᠪᠠᠶᠢᠳᠠᠭ᠃ ᠤᠷᠤᠢ ᠶᠢᠨ 11 ᠴᠠᠭ ᠦᠩᠬᠡᠷᠡᠪᠡᠯ ᠬᠦᠮᠤᠨ ᠬᠠᠷᠢᠨ ᠬᠦᠬᠡᠷᠴᠤ᠂ ᠨᠡᠩ ᠤᠨᠳᠠᠵᠤ ᠲᠠᠶᠢᠯᠬᠦ ᠦᠬᠡᠢ ᠪᠤᠯᠳᠠᠭ᠃ ᠡᠷᠳᠡ ᠶᠢᠨ 2᠂ 3 ᠴᠠᠭ ᠪᠤᠯ ᠰᠦᠨᠢᠵᠢᠨ ᠰᠠᠭᠤᠬᠤ ᠬᠦᠮᠤᠨ ᠳᠤ ᠬᠠᠮᠤᠭ ᠤᠨ ᠨᠦᠢᠷ ᠬᠦᠷᠬᠦ ᠴᠠᠭ ᠪᠤᠯᠤᠨ᠎ᠠ᠃ ᠬᠠᠷᠢᠨ ᠬᠡᠬᠡᠷᠡᠭᠰᠡᠡ ᠤ ᠲᠠᠷᠠᠭ᠎ᠠ᠂ ᠬᠦᠮᠤᠨ ᠰᠡᠷᠬᠡᠭ ᠤᠨᠳᠠᠬᠤ ᠬᠤᠭᠤᠴᠠᠭᠠᠨ ᠳᠤ ᠤᠷᠤᠳᠠᠭ ᠪᠦᠬᠡᠳ ᠤᠨᠳᠠᠯᠭ᠎ᠠ ᠶᠢᠨ ᠴᠢᠨᠠᠷ ᠨᠢ ᠰᠠᠶᠢᠨ ᠪᠢᠰᠢ᠃ ᠵᠠᠷᠢᠮ ᠬᠦᠮᠤᠨ ᠰᠡᠷᠢᠭᠡᠳ ᠲᠠᠬᠢᠵᠤ ᠤᠨᠳᠠᠬᠤ ᠳᠤᠷᠠᠳᠠᠢ ᠪᠠᠶᠢᠳᠠᠭ᠂ ᠦᠨᠡᠨ ᠳᠡᠭᠡᠨ ᠡᠨᠡ ᠦᠶ᠎ᠠ ᠳᠤ ᠭᠤᠤᠯᠳᠠᠭᠤ ᠰᠡᠷᠬᠡᠭ ᠤᠨᠳᠠᠭᠰᠠᠠ ᠢᠶᠠᠨ ᠨᠦᠬᠦᠪᠤᠷᠢᠯᠠᠵᠤ ᠪᠠᠶᠢᠬᠤ ᠳᠤᠯᠠ ᠦᠷ᠎ᠠ ᠳ᠋ᠦᠩ ᠨᠢ ᠡᠷᠳᠡ ᠤᠨᠳᠠᠵᠤ ᠡᠷᠳᠡ ᠪᠤᠰᠬᠤ ᠪᠦᠬᠡ ᠤᠨᠳᠠᠬᠤ ᠶᠢ ᠬᠦᠷᠬᠦ ᠦᠬᠡᠢ ᠪᠢᠯᠠ᠃ ᠨᠦᠢᠷ ᠬᠠᠨᠤᠬᠤ ᠦᠬᠡᠢ ᠨᠢ ᠬᠦᠮᠤᠨ ᠤ ᠠᠩᠬᠠᠷᠤᠯ ᠪᠠ ᠴᠡᠬᠡᠵᠢᠯᠡᠬᠦ ᠴᠢᠳᠠᠪᠤᠷᠢ ᠶᠢ ᠳᠤᠷᠤᠭᠰᠢᠯᠠᠭᠤᠯᠬᠤ ᠮᠦᠷᠳᠡᠬᠡᠨ ᠪᠠᠰᠠ ᠰᠢᠨ᠎ᠠ ᠬᠠᠭᠤᠴᠢᠨ ᠤ ᠰᠤᠯᠢᠯᠴᠠᠭ᠎ᠠ ᠶᠢ ᠬᠠᠷᠰᠢᠯᠠᠵᠤ᠂ ᠦᠳᠡᠯᠬᠦ ᠶᠢ ᠲᠦᠷᠬᠡᠳᠬᠡᠨ᠎ᠠ᠃ ᠬᠡᠳᠤᠷᠬᠡᠢ ᠤᠳᠠᠭᠠᠨ ᠤᠨᠳᠠᠪᠡᠯ ᠬᠦᠮᠤᠨ ᠤ ᠪᠠᠶ᠎ᠠ ᠳᠤ ᠠᠰᠢᠬ ᠦᠬᠡᠢ᠂ ᠲᠠᠷᠠ ᠨᠢ ᠲᠦᠪ ᠮᠡᠳᠡᠷᠡᠯ ᠤᠨ ᠰᠢᠰᠲ᠋ᠧᠮ ᠢ ᠤᠷᠳᠤ ᠬᠤᠭᠤᠴᠠᠭ᠎ᠠ ᠪᠠᠷ ᠬᠤᠷᠢᠬᠯᠠᠭᠳᠠᠬᠤ ᠪᠠᠶᠢᠳᠠᠯ ᠳᠤ ᠤᠷᠤᠭᠤᠯᠵᠤ᠂ ᠪᠤᠰᠤᠭᠰᠠᠠ ᠤ ᠲᠠᠷᠠᠭ᠎ᠠ ᠬᠦᠴᠤ ᠲᠠᠮᠢᠷ ᠦᠬᠡᠢ᠂ ᠳᠤᠯᠤᠭᠠᠢ ᠡᠷᠬᠢᠬᠦ ᠲᠦᠷᠦᠭᠳᠡᠯ ᠲᠠᠢ ᠪᠤᠯᠭᠠᠳᠠᠭ᠃ ᠤᠨᠳᠠᠬᠤ ᠴᠠᠭ ᠨᠢ ᠬᠡᠳᠤ ᠤᠷᠳᠤ ᠪᠤᠯᠪᠠᠯ ᠪᠠᠰᠠ ᠠᠮᠢᠰᠬᠤᠯ ᠤᠳᠠᠭᠠᠰᠢᠷᠠᠵᠤ᠂ ᠬᠦᠴᠢᠯᠳᠦ᠋ᠷᠦᠭᠴᠢ ᠰᠤᠷᠤᠬᠤ ᠨᠢ ᠪᠠᠭᠠᠰᠬᠤ᠂ ᠵᠢᠷᠤᠬᠡ ᠠᠭᠤᠰᠬᠢ ᠪᠤᠯᠤᠨ ᠴᠢᠰᠤᠨ ᠡᠷᠬᠢᠯᠳᠠ ᠶᠢᠨ ᠲᠠᠷᠤᠭᠠᠰᠤ ᠬᠦᠨᠳᠤᠷᠠᠵᠤ᠂ ᠵᠢᠷᠤᠬᠡᠨ ᠡᠪᠡᠳᠴᠢᠨ ᠪᠠ ᠲᠠᠷᠢᠬᠢᠨ ᠤ ᠴᠢᠰᠤᠨ ᠰᠤᠳᠠᠯ ᠪᠦᠭᠯᠡᠷᠡᠬᠦ ᠠᠶᠤᠯᠳᠠᠢ ᠪᠠᠶᠢᠳᠠᠭ᠃     
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号