ᠬᠦᠪᠳᠦᠷᠤᠤ ᠲᠠᠢ ᠡᠪᠡᠳᠴᠢᠳᠠᠳ ᠢᠳᠡᠬᠡᠨ ᠤᠮᠳᠠᠭᠠᠨ ᠢᠶᠠᠨ ᠨᠡᠩ ᠢᠯᠡᠬᠦᠦ ᠠᠩᠬᠠᠷᠬᠤ ᠴᠢᠬᠤᠯᠠᠳᠠᠢ
ᠨᠡᠶᠢᠲᠡᠯᠡᠭᠰᠡᠨ ᠴᠠᠭ᠄
2025/5/29
       ᠬᠦᠪᠳᠦᠷᠤᠤ ᠲᠠᠢ ᠡᠪᠡᠳᠴᠢᠳᠠᠳ ᠤᠭᠤᠷᠠᠭ᠂ ᠸᠢᠲ᠋ᠠᠮᠢᠨ B12᠂ ᠲᠡᠮᠦᠷ ᠨᠥᠬᠦᠬᠦ ᠭᠡᠷᠡᠭᠳᠡᠢ᠃ ᠵᠠᠷᠢᠮ ᠢᠳᠡᠭᠡᠨ ᠤᠮᠳᠠᠭᠠᠨ ᠨᠢ ᠬᠦᠪᠳᠦᠷᠤᠤ ᠡᠪᠡᠳᠴᠢᠨ ᠤᠯᠬᠤ ︽ᠲᠦᠷᠭᠡᠳᠭᠡᠭᠦᠷ︾ ᠪᠠᠶᠢᠵᠤ ᠮᠡᠳᠡᠨ᠎ᠡ᠂ ᠡᠶᠢᠮᠤ ᠪᠠᠷ ᠢᠶᠠᠨ ᠳᠤᠤᠷᠡᠬᠢ ᠭᠤᠷᠪᠠᠨ ᠲᠥᠷᠥᠯ ᠤᠨ ᠬᠦᠮᠦᠰ ᠢᠳᠡᠵᠦ ᠤᠣᠭᠤᠬᠤ ᠪᠠᠨ ᠰᠠᠶᠢᠳᠤᠷ ᠬᠢᠴᠢᠶᠡᠬᠡᠷᠡᠢ᠃ ᠡᠳᠦᠷ ᠳᠤᠲᠤᠮ ᠤᠨ ᠠᠮᠢᠳᠤᠷᠠᠯ ᠳᠤᠮᠳᠠ ᠡᠳᠡᠭᠡᠷ ᠢᠳᠡᠭᠡᠨ ᠤᠮᠳᠠᠭᠠᠨ ᠢ ᠢᠳᠡᠪᠡᠯ ᠬᠦᠪᠳᠦᠷᠤᠤ ᠡᠪᠡᠳᠴᠢᠨ ᠤᠯᠬᠤ ᠶᠢᠨ ︽ᠲᠦᠷᠭᠡᠳᠭᠡᠭᠦᠷ︾ ᠪᠤᠯᠵᠤ ᠮᠡᠳᠡᠬᠦ ᠳᠤᠯᠠ ᠬᠢᠴᠢᠶᠡᠬᠦ ᠬᠡᠷᠡᠭᠲᠡᠢ᠃ ᠨᠢᠭᠡ᠂ ᠠᠭᠤᠰᠭᠢᠨ ᠬᠦᠪᠳᠦᠷᠤᠦ ᠲᠠᠢ ᠬᠦᠮᠦᠰ ᠭᠤᠷᠪᠠᠨ ᠲᠥᠷᠥᠯ ᠤᠨ ᠬᠤᠭᠤᠯᠠ ᠶᠢ ᠳᠤᠲᠠᠭᠤ ᠢᠳᠡᠪᠡᠯ ᠵᠤᠬᠢᠨ᠎ᠠ᠄ 1. ᠰᠡᠳᠡᠯᠲᠡ ᠶᠢᠨ ᠴᠢᠨᠠᠷᠲᠠᠢ ᠢᠳᠡᠭᠡᠨ᠄ ᠯᠠᠵᠤᠤ᠂ ᠨᠠᠷᠢᠨ ᠤᠯᠠᠭᠠᠨ ᠯᠠᠵᠤᠤ᠂ ᠰᠢᠷᠠᠬᠰᠠᠨ ᠲᠠᠬᠢᠶ᠎ᠠ᠂ ᠲᠣᠰᠣᠯᠢᠭ ᠪᠣᠣᠪᠤ ᠵᠡᠷᠭᠡ᠃ 2. ᠳᠠᠪᠤᠰᠤ ᠶᠡᠬᠡᠲᠠᠢ ᠢᠳᠡᠭᠡᠨ᠄ ᠲᠠᠪᠤᠰᠤᠳᠠᠢ ᠨᠤᠭᠤᠭ᠎ᠠ᠂ ᠳᠠᠪᠤᠰᠤᠯᠠᠭᠰᠠᠨ ᠮᠢᠬ᠎ᠠ᠂ ᠳᠠᠪᠤᠰᠤᠯᠠᠭᠰᠠᠨ ᠨᠤᠭᠤᠰᠤᠨ ᠥᠨᠳᠡᠭᠡ ᠵᠡᠷᠭᠡ᠃ 3. ᠰᠡᠳᠡᠯᠲᠡ ᠶᠢᠨ ᠴᠢᠨᠠᠷᠲᠠᠢ ᠤᠮᠳᠠᠭᠠᠨ᠄ ᠺᠣᠹᠧ ᠪᠠ ᠰᠡᠳᠡᠯᠲᠡ ᠶᠢᠨ ᠴᠢᠨᠠᠷᠲᠠᠢ ᠤᠮᠳᠠᠭᠠᠨ᠂ ᠵᠢᠱᠢᠶᠡᠯᠡᠪᠡᠯ ᠥᠳᠬᠡᠨ ᠴᠠᠢ ᠵᠡᠷᠭᠡ᠃ ᠬᠤᠶᠠᠷ᠂ ᠪᠠᠮᠪᠠᠢ ᠪᠤᠯᠴᠢᠷᠬᠠᠢ ᠶᠢᠨ ᠬᠦᠪᠳᠦᠷᠤᠦ ᠲᠠᠢ ᠬᠦᠮᠦᠰ ᠢᠤᠳ᠋ᠳᠤ ᠢᠳᠡᠭᠡᠨ ᠢᠳᠡᠬᠦ ᠬᠡᠮᠵᠢᠶ᠎ᠡ ᠪᠠᠨ ᠲᠡᠩᠴᠡᠬᠦᠷᠢᠲᠡᠢ ᠪᠠᠶᠢᠯᠭᠠᠭᠠᠷᠠᠢ᠃ ᠵᠢᠱᠢᠶᠡᠯᠡᠪᠡᠯ᠄ ᠤᠯᠠᠭᠠᠨ ᠨᠣᠭᠤᠭ᠎ᠠ᠂ ᠬᠠᠶᠢᠳᠠᠢ ᠵᠡᠷᠭᠡ ᠳᠠᠯᠠᠢ ᠶᠢᠨ ᠨᠤᠭᠤᠭ᠎ᠠ ᠪᠣᠯᠤᠨ ᠢᠤᠳ᠋ ᠲᠠᠢ ᠳᠠᠪᠤᠰᠤ ᠶᠢ ᠵᠤᠬᠢᠬᠤ ᠬᠡᠮᠵᠢᠶ᠎ᠡ ᠪᠠᠷ ᠢᠳᠡᠪᠡᠯ ᠰᠠᠶᠢᠨ᠃ ᠢᠤᠳ᠋ ᠦᠭᠡᠢ ᠳᠠᠪᠤᠰᠤ ᠢᠳᠡᠵᠦ᠂ ᠢᠤᠳ᠋ ᠪᠠᠭ᠎ᠠ ᠢᠳᠡᠭᠡᠨ ᠤᠮᠳᠠᠭᠠᠨ᠂ ᠠᠷᠢᠬᠢ ᠲᠠᠮᠠᠬᠢ᠂ ᠺᠣᠹᠧ᠂ ᠥᠳᠬᠡᠨ ᠴᠠᠢ ᠵᠡᠷᠭᠡ ᠰᠡᠲᠡᠯᠲᠡ ᠶᠢᠨ ᠴᠢᠨᠠᠷᠲᠠᠢ ᠢᠳᠡᠭᠡᠨ ᠤᠮᠳᠠᠭᠠᠨ ᠢ ᠴᠡᠭᠡᠷᠯᠡᠬᠦ ᠶᠢ ᠰᠠᠨᠠᠭᠤᠯᠤᠶ᠎ᠠ᠃ ᠬᠡᠷᠪᠡ ᠪᠠᠮᠪᠠᠢ ᠪᠤᠯᠴᠢᠷᠬᠠᠢ ᠶᠢᠨ ᠬᠦᠪᠳᠦᠷᠤᠦ ᠶᠢᠨ ᠡᠪᠡᠳᠴᠢᠨ ᠲᠠᠢ ᠪᠤᠯ ᠰᠢᠷ᠎ᠠ ᠯᠤᠤᠪᠠᠩ᠂ ᠣᠷᠢᠶᠠᠮᠠᠯ ᠨᠣᠭᠤᠭ᠎ᠠ ᠳᠤᠲᠠᠭᠤ ᠢᠳᠡᠬᠦ ᠭᠡᠷᠡᠭᠳᠡᠢ᠂ ᠡᠳᠡᠭᠡᠷ ᠢᠳᠡᠭᠡᠨ ᠨᠢ ᠶᠡᠭᠡ ᠪᠤᠶᠤ ᠪᠠᠭ᠎ᠠ ᠬᠡᠮᠵᠢᠶ᠎ᠡ ᠪᠠᠷ ᠪᠠᠮᠪᠠᠢ ᠪᠤᠯᠴᠢᠷᠬᠠᠢ ᠶᠢᠨ ᠬᠦᠪᠳᠦᠷᠤᠦ ᠶᠢ ᠨᠥᠯᠥᠭᠡᠯᠡᠳᠡᠭ ᠶᠤᠮ᠃ ᠭᠤᠷᠪᠠ᠂ ᠬᠥᠬᠦᠨ ᠤ ᠪᠤᠯᠴᠢᠷᠬᠠᠢ ᠶᠢᠨ ᠬᠦᠪᠳᠦᠷᠤᠦ ᠲᠠᠢ ᠬᠦᠮᠦᠰ ᠠᠮᠢᠲᠠᠨ ᠤ ᠤᠭᠤᠷᠠᠭ ᠢᠳᠡᠬᠦ ᠬᠡᠮᠵᠢᠶ᠎ᠡ ᠪᠠᠨ ᠬᠢᠵᠠᠭᠠᠷᠯᠠᠬᠤ ᠬᠡᠷᠡᠭᠳᠡᠢ᠂ ᠠᠮᠢᠲᠠᠨ ᠤ ᠤᠭᠤᠷᠠᠭ ᠢᠳᠡᠬᠦ ᠬᠡᠮᠵᠢᠶ᠎ᠡ ᠪᠠᠨ ᠬᠢᠵᠠᠭᠠᠷᠯᠠᠬᠤ ᠨᠢ ᠡᠮ᠎ᠡ ᠬᠤᠷᠮᠣᠨ ᠬᠡᠲᠦ ᠶᠡᠭᠡ ᠪᠤᠢ ᠪᠣᠯᠬᠤ ᠠᠴᠠ ᠰᠡᠷᠭᠡᠶᠢᠯᠡᠵᠦ ᠲᠠᠶᠢᠯᠤᠨ᠎ᠠ᠂ ᠲᠠᠷᠠᠴᠢᠯᠠᠨ ᠬᠥᠬᠦᠨ ᠤ ᠪᠤᠯᠴᠢᠷᠬᠠᠢ ᠶᠢᠨ ᠬᠤᠣᠷᠲᠤ ᠡᠳ᠋ ᠡᠭᠦᠰᠬᠦ ᠶᠢ ᠬᠢᠴᠢᠶᠡᠬᠦ ᠬᠡᠷᠡᠭᠳᠡᠢ᠃ ︵ᠳᠤᠰ ᠪᠤᠯᠤᠩ ᠤᠨ ᠡᠭᠡ ᠪᠢᠴᠢᠭ ᠢ ︽ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ︾ ᠠᠴᠠ ᠰᠢᠯᠵᠢᠬᠦᠯᠪᠡ︶     
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号