ᠴᠤᠯᠮᠤᠨ | ︽ᠬᠤᠷᠴᠠ ᠤᠯᠠᠭᠠᠨ ᠴᠡᠴᠡᠭ ᠰᠤᠨᠢᠷᠬᠠᠨ᠂ ᠰᠡᠷᠢᠬᠦᠨ ᠲᠠᠭᠠᠯᠠᠮᠵᠢᠳᠠᠢ ᠤᠷᠴᠢᠨ ᠢ ᠪᠡᠶᠡᠳᠠᠨ ᠤᠶᠢᠯᠠᠭᠠᠵᠤ | ᠂ ᠤᠢ ᠰᠢᠭᠤᠢ ᠪᠠᠷ ᠵᠢᠭᠤᠯᠴᠢᠯᠠᠨ᠂ ᠮᠦᠰᠤ ᠴᠠᠰᠤᠨ ᠤ ᠦᠵᠡᠮᠵᠢ ᠶᠢ ᠲᠤᠭᠤᠷᠢᠨ ᠦᠵᠡᠬᠦ︾ ᠭᠡᠬᠦ ᠮᠡᠳᠤ ᠪᠠᠷ | ᠤᠶᠢᠷ ᠠ ᠶᠢᠨ ᠵᠢᠯ ᠠᠴᠠ ᠷᠠᠰᠢᠶᠠᠨ ᠬᠤᠳᠠ ᠲᠦᠷᠪᠡᠨ ᠤᠯᠠᠷᠢᠯ ᠤᠨ ᠵᠢᠭᠤᠯᠴᠢᠯᠠᠯ ᠢ ᠬᠦᠴᠤᠯᠡᠨ ᠬᠦᠭᠵᠢᠬᠦᠯᠵᠤ᠂ | ᠠᠳᠠᠯᠢ ᠪᠤᠰᠤ ᠤᠯᠠᠷᠢᠯ ᠤᠨ ᠤᠨᠴᠠᠯᠢᠭᠳᠤ ᠦᠵᠡᠮᠵᠢ ᠪᠠᠷ ᠢᠶᠠᠨ ᠬᠤᠯᠠ ᠤᠶᠢᠷ᠎ᠠ ᠶᠢᠨ ᠵᠢᠭᠤᠯᠴᠢᠯᠠᠭᠰᠠᠳ ᠢ ᠲᠠᠳᠠᠨ | ᠠᠪᠴᠢᠷᠠᠨ᠎ᠠ᠃ 4 ᠰᠠᠷ᠎ᠠ ᠶᠢᠨ 1 ᠤ ᠡᠳᠤᠷ ᠤᠨ 9 ᠴᠠᠭ 30 ᠮᠢᠨᠥ᠋ᠲ ᠲᠤ᠂ ᠪᠡᠭᠡᠵᠢᠩ ᠬᠤᠳᠠ ᠶᠢᠨ ᠵᠠᠭᠤ | ᠭᠠᠷᠤᠢ ᠵᠢᠭᠤᠯᠴᠢᠯᠠᠭᠴᠢ ᠷᠠᠰᠢᠶᠠᠨ ᠬᠤᠳᠠ ᠶᠢᠨ ᠵᠢᠭᠤᠯᠴᠢᠯᠠᠯ ᠢ ᠪᠡᠶᠡᠳᠠᠨ ᠤᠶᠢᠯᠠᠭᠠᠬᠤ ᠪᠠᠷ ᠢᠷᠡᠵᠤ᠂ ᠡᠨᠡ ᠨᠢ | ᠪᠠᠰᠠ ᠪᠡᠭᠡᠵᠢᠩ ᠠᠴᠠ ᠷᠠᠰᠢᠶᠠᠨ ᠳᠤ ᠬᠦᠷᠬᠦ ᠠᠭᠠᠷ ᠤᠨ ᠠᠶᠠᠯᠠᠯ ᠵᠢᠩᠬᠢᠨᠢ ᠪᠠᠷ ᠨᠡᠪᠳᠡᠷᠡᠭᠰᠡᠨ ᠢ ᠬᠠᠷᠠᠭᠤᠯᠵᠠᠢ᠃ | 2024 ᠣᠨ ᠳᠤ᠂ ᠷᠠᠰᠢᠶᠡᠨ ᠬᠤᠳᠠ ᠳᠤ ᠢᠷᠡᠭᠰᠡᠨ ᠵᠢᠭᠤᠯᠴᠢᠯᠠᠭᠰᠠᠳ ᠤᠨ ᠳᠤᠭ᠎ᠠ 576.6 ᠲᠦᠮᠡ ︵ᠬᠦᠮᠤᠨ | ᠤᠳᠠᠭ᠎ᠠ︶ ᠳᠤ ᠬᠦᠷᠦᠭᠰᠡᠨ ᠰᠢᠨ᠎ᠠ ᠲᠡᠮᠳᠡᠭᠯᠡᠯ ᠢ ᠡᠬᠦᠳᠴᠤ ᠦᠡᠭᠭᠡᠷᠡᠬᠰᠡᠨ ᠪᠢᠯᠡ᠃ | ᠵᠢᠭᠤᠯᠴᠢᠯᠠᠯ ᠤᠨ ᠬᠠᠯᠠᠮᠰᠢᠯ ᠤᠷᠤᠨ ᠪᠤᠯᠤᠭᠰᠠᠨ ᠨᠢ ᠦᠵᠡᠰᠬᠦᠯᠡᠩᠳᠤ ᠰᠠᠶᠢᠬᠠᠨ ᠷᠢᠳᠢ ᠰᠢᠳᠢᠳᠤ | ᠦᠵᠡᠮᠵᠢ ᠲᠠᠢ ᠠᠴᠠ ᠭᠠᠳᠠᠨ᠎ᠠ ︽ᠠᠮᠢ ᠠᠬᠤᠢ ᠪᠠᠷ ᠬᠤᠳᠠ ᠪᠠᠨ ᠴᠤᠭᠴᠠᠯᠠᠨ᠂ ᠵᠢᠭᠤᠯᠴᠢᠯᠠᠯ ᠢᠶᠠᠷ ᠬᠤᠳᠠ ᠪᠠᠨ | ᠬᠦᠴᠤᠷᠬᠡᠭᠵᠢᠬᠦᠯᠬᠦ︾ ᠪᠠᠷ ᠬᠠᠷᠠᠯᠳᠠ ᠪᠠᠨ ᠪᠤᠯᠭᠠᠭᠰᠠᠨ ᠳᠤ ᠪᠤᠢ᠃ ᠤᠨᠴᠠᠯᠢᠭᠳᠤ ᠪᠠᠶᠢᠷᠢᠰᠢᠯ ᠤᠨ ᠲᠠᠪᠠᠭᠤᠯᠢᠭ | ᠡᠬᠢ ᠪᠠᠶᠠᠯᠢᠭ ᠲᠠᠭᠠᠨ ᠲᠦᠰᠢᠭᠯᠡᠨ᠂ 2024 — 2025 ᠤᠨ ᠤ ᠮᠦᠰᠤ ᠴᠠᠰᠤᠨ ᠤ ᠤᠯᠠᠷᠢᠯ ᠳᠤ ᠠᠷᠪᠠᠨ | ᠶᠡᠭᠡ ᠡᠪᠤᠯ ᠤᠨ ᠤᠯᠠᠷᠢᠯ ᠤᠨ ᠭᠤᠤᠯᠯᠠᠭᠴᠢ ᠵᠢᠭᠤᠯᠴᠢᠯᠠᠯ ᠤᠨ ᠦᠢᠯᠡᠳᠬᠦᠨ᠂ ᠲᠦᠷᠪᠡᠨ ᠵᠤᠷᠪᠤᠰ ᠭᠤᠤᠯ | ᠰᠡᠳᠤᠪᠳᠤ ᠵᠢᠭᠤᠯᠴᠢᠯᠠᠯ ᠤᠨ ᠱᠤᠭᠤᠮ ᠵᠢᠴᠢ ᠠᠷᠪᠠ ᠭᠠᠷᠤᠢ ᠲᠦᠷᠤᠯ ᠤᠨ ᠤᠷᠤᠯᠳᠤᠭᠠᠨ ᠢ ᠲᠤᠬᠢᠷᠠᠭᠤᠯᠵᠤ᠂ ᠡᠯ᠎ᠠ | ᠭᠠᠵᠠᠷ ᠤᠨ ᠵᠢᠭᠤᠯᠴᠢᠯᠠᠭᠰᠠᠳ ᠨᠠᠭᠠᠳᠤᠮ ᠤᠷᠤᠯᠳᠤᠭᠠᠨ ᠢ ᠰᠤᠨᠢᠷᠬᠠᠬᠤ᠂ ᠤᠶᠠᠩᠭᠠᠳᠤ ᠰᠠᠶᠢᠬᠠᠨ ᠲᠠᠭᠤᠥ ᠪᠦᠵᠢᠭ | ᠰᠤᠨᠢᠷᠬᠠᠬᠤ᠂ ᠮᠦᠰᠤ ᠴᠠᠰᠤ ᠰᠤᠨᠢᠷᠬᠠᠬᠤ᠂ ᠮᠦᠰᠤ ᠴᠠᠰᠤᠨ ᠳᠤ ᠨᠠᠭᠠᠳᠬᠤ᠂ ᠬᠠᠯᠠᠭᠤᠨ ᠷᠠᠰᠢᠶᠠᠨ ᠳᠤ ᠪᠡᠶ᠎ᠠ ᠪᠠᠨ | ᠰᠤᠪᠢᠯᠠᠬᠤ ᠵᠡᠷᠭᠡ ᠪᠠᠷ ᠷᠠᠰᠢᠶᠠᠨ ᠤ ᠡᠪᠤᠯ ᠤᠨ ᠤᠯᠠᠷᠢᠯ ᠤᠨ ᠵᠢᠭᠤᠯᠴᠢᠯᠠᠯ ᠢ ᠤᠯᠠᠮ ᠬᠦᠭᠵᠢᠶᠡᠨᠳᠠᠢ ᠪᠤᠯᠭᠠᠬᠰᠠᠨ | ᠪᠠᠶᠢᠨ᠎ᠠ᠃ ᠤᠷᠴᠢᠮ ᠤᠨ ᠬᠡᠳᠤᠨ ᠵᠢᠯ ᠳᠤ᠂ ᠷᠠᠰᠢᠶᠠᠨ ᠬᠤᠳᠠ ᠲᠤᠳᠠᠭᠤᠳᠠᠯ ᠢᠶᠠᠨ ᠨᠦᠬᠦᠪᠤᠷᠢᠯᠡᠬᠦ᠂ ᠠᠵᠤ | ᠦᠢᠯᠡᠰ ᠢᠶᠠᠨ ᠬᠦᠭᠵᠢᠭᠦᠯᠬᠦ᠂ ᠬᠡᠷᠡᠭᠯᠡᠭᠡ ᠶᠢ ᠠᠬᠢᠭᠤᠯᠬᠤ ᠲᠤᠭᠤᠷᠢᠨ ᠳᠤ ᠵᠢᠭᠤᠯᠴᠢᠯᠠᠯ ᠤᠨ ᠦᠢᠯᠡᠳᠬᠦᠨ ᠤ | ᠰᠢᠰᠲᠤᠮ ᠢᠶᠠᠨ ᠲᠠᠰᠤᠷᠠᠯᠳᠠ ᠦᠭᠡᠢ ᠪᠠᠶᠠᠯᠢᠭᠵᠢᠭᠤᠯᠪᠠ᠃ ᠦᠩᠭᠡᠷᠡᠭᠰᠡᠨ ᠵᠢᠯ ᠳᠤ᠂ ᠷᠠᠰᠢᠶᠠᠨ ᠬᠤᠳᠠ 17.72 | ᠳ᠋ᠥᠩᠰᠢᠭᠤᠷ ᠲᠦᠬᠦᠷᠢᠭ ᠤᠨ ᠪᠡᠯᠡ ᠮᠦᠩᠬᠦ ᠤᠷᠤᠭᠤᠯᠤᠨ 12 ᠵᠢᠭᠤᠯᠴᠢᠯᠠᠯ ᠤᠨ ᠲᠦᠷᠤᠯ ᠵᠦᠢᠯ ᠢ ᠬᠡᠷᠡᠭᠵᠢᠬᠦᠯᠵᠤ | ᠂ ᠵᠢᠭᠤᠯᠴᠢᠯᠠᠯ ᠤᠨ ᠠᠵᠤ ᠦᠢᠯᠡᠰ ᠢᠶᠠᠨ ᠤᠯᠠᠮ ᠨᠢᠭᠡ ᠠᠯᠬᠤᠮ ᠲᠡᠰ ᠲᠡᠪᠰᠢᠬᠦᠯᠥᠭᠰᠡᠨ ᠪᠠᠶᠢᠨ᠎ᠠ᠃ | 2024 ᠣᠨ ᠳᠤ᠂ ᠪᠦᠬᠦ ᠤᠷᠤᠨ ᠤ ᠠᠩᠬᠠᠳᠠᠭᠴᠢ ᠤᠯᠤᠰ ᠤᠨ ᠲᠡᠰ ᠤᠨ ᠵᠢᠭᠤᠯᠴᠢᠯᠠᠨ ᠰᠡᠯᠡᠬᠦᠴᠡᠨ | ᠠᠮᠠᠷᠠᠬᠤ ᠤᠷᠤᠨ ᠢ ᠠᠮᠵᠢᠯᠳᠠ ᠲᠠᠢ ᠡᠬᠦᠳᠤᠨ ᠪᠠᠶᠢᠭᠤᠯᠵᠤ᠂ 73.66 ᠳ᠋ᠦᠩᠰᠢᠭᠤᠷ ᠲᠦᠬᠦᠷᠢᠭ ᠤᠨ | ᠵᠢᠭᠤᠯᠴᠢᠯᠠᠯ ᠤᠨ ᠤᠷᠤᠯᠭ᠎ᠠ ᠶᠢ ᠡᠬᠦᠳᠴᠤ᠂ 2014 ᠣᠨ ᠤ ᠬᠢ ᠲᠠᠢ ᠠᠳᠠᠯᠢᠳᠬᠠᠪᠠᠯ ᠲᠤᠰᠪᠦᠷᠢ 191.42% | ᠂ 183.42% ᠪᠠᠷ ᠨᠡᠮᠡᠭᠳᠡᠨ᠂ ᠵᠢᠭᠤᠯᠴᠢᠯᠠᠯ ︽ᠨᠡᠩ ᠬᠦᠭᠵᠢᠶᠡᠨᠳᠠᠢ ᠪᠤᠯᠬᠤ︾ ᠰᠢᠨ᠎ᠠ ᠬᠠᠭᠤᠳᠠᠰᠤ ᠶᠢ | ᠠᠮᠵᠢᠯᠳᠠ ᠲᠠᠢ ᠪᠢᠴᠢᠭᠯᠡᠵᠡᠢ᠃ 2025 ᠣᠨ ᠳᠤ᠂ ᠷᠠᠰᠢᠶᠠᠨ ᠬᠤᠳᠠ 500 ᠲᠦᠮᠡᠨ ᠲᠦᠬᠦᠷᠢᠭ ᠠᠴᠠ ᠲᠡᠭᠡᠭᠰᠢ | 64 ᠭᠤᠤᠯᠳᠠᠯᠭ᠎ᠠ ᠲᠠᠢ ᠲᠦᠷᠤᠯ ᠵᠦᠢᠯ ᠢ ᠬᠡᠷᠡᠭᠵᠢᠬᠦᠯᠬᠦ ᠪᠠᠷ ᠲᠦᠯᠤᠪᠯᠡᠵᠤ᠂ ᠶᠡᠷᠤᠩᠬᠡᠢ ᠪᠡᠯᠡ ᠤᠷᠤᠭᠤᠯᠤᠯᠳᠠ ᠨᠢ | 76.1 ᠳ᠋ᠥᠩᠰᠢᠭᠤᠷ ᠲᠦᠬᠦᠷᠢᠭ ᠲᠤ ᠬᠦᠷᠤᠨ᠎ᠠ᠃ ᠡᠬᠦᠨ ᠳᠤ 17 ᠵᠢᠭᠤᠯᠴᠢᠯᠠᠯ ᠤᠨ ᠲᠦᠷᠤᠯ ᠵᠦᠢᠯ ᠤᠨ | ᠶᠡᠷᠤᠩᠬᠡᠢ ᠪᠡᠯᠡ ᠤᠷᠤᠭᠤᠯᠤᠯᠳᠠ ᠨᠢ 21.8 ᠳ᠋ᠥᠩᠰᠢᠭᠤᠷ ᠲᠦᠬᠦᠷᠢᠭ ᠲᠤ ᠬᠦᠷᠴᠤ᠂ ᠡᠳᠡᠭᠡᠷ ᠵᠢᠭᠤᠯᠴᠢᠯᠠᠯ ᠤᠨ | ᠲᠦᠷᠤᠯ ᠵᠦᠢᠯ ᠢᠶᠠᠷ ᠡᠯ᠎ᠠ ᠲᠦᠷᠤᠯ ᠤᠨ ᠡᠬᠢ ᠪᠠᠶᠠᠯᠢᠭ ᠤᠨ ᠡᠯᠤᠮᠤᠨ᠋ᠲ ᠢ ᠨᠡᠶᠢᠳᠭᠡᠨ᠂ ᠷᠠᠰᠢᠶᠠᠨ ᠬᠤᠳᠠ ᠶᠢᠨ | ᠵᠢᠭᠤᠯᠴᠢᠯᠠᠯ ᠤᠨ ᠠᠵᠤ ᠦᠢᠯᠡᠰ ᠤᠨ ᠦᠷᠢᠰᠤᠯᠳᠤᠬᠦ ᠬᠦᠴᠤᠨ ᠢᠶᠠᠨ ᠲᠠᠰᠤᠷᠠᠯᠳᠠ ᠦᠭᠡᠢ ᠲᠡᠭᠡᠭᠰᠢᠯᠡᠬᠦᠯᠤᠨ᠂ ᠡᠬᠡ | ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠢᠳᠡᠪᠬᠢᠳᠠᠢ ᠡᠬᠦᠳᠴᠤ ᠪᠤᠢ | ᠃ |